1 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ | ᠬᠤᠷᠠᠯ ᠳᠤ ᠣᠷᠣᠯᠴᠠᠭᠰᠠᠨ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠢ ᠬᠢᠨᠠᠨ | ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠶᠠᠩ ᠶᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ | ᠽᠦᠩ ᠿᠧᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠶᠢᠨ ᠰᠢᠩ᠂ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠢᠨᠠᠨ ᠵᠥᠪᠯᠡᠬᠦ ᠳᠤ ᠣᠷᠣᠯᠴᠠᠪᠠ᠃ | ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠰᠠᠨᠠᠯ ᠨᠢᠭᠡᠲᠡᠢ ᠦᠵᠡᠭᠰᠡᠨ ᠨᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ | ᠤᠨ ᠤᠯᠤᠰ ᠲᠦᠷᠦ ᠶᠢᠨ ᠵᠣᠭᠰᠣᠴᠠ ᠥᠨᠳᠥᠷ᠂ ᠶᠡᠭᠡ ᠲᠠᠯ᠎ᠠ ᠶᠢᠨ ᠤᠬᠠᠮᠰᠠᠷ ᠴᠢᠩᠭ᠎ᠠ᠂ ᠬᠠᠷᠠᠯᠲᠠ ᠡᠭᠦᠷᠭᠡ | ᠲᠣᠳᠣᠷᠬᠠᠢ᠂ ᠰᠡᠳᠬᠢᠴᠡ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ | ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ | ᠢᠯᠡᠷᠡᠭᠦᠯᠵᠦ᠂ ᠬᠠᠤᠯᠢᠵᠢᠯ ᠤᠨ ᠬᠦᠴᠦᠨ ᠢ ᠢᠯᠡᠷᠡᠭᠦᠯᠦᠭᠰᠡᠨ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ | ᠪᠢᠯᠬᠠᠭᠰᠠᠨ᠂ ᠤᠶᠤᠨ ᠰᠠᠨᠠᠭ᠎ᠠ ᠡᠷᠴᠢ ᠵᠣᠷᠢᠭ ᠢ ᠬᠥᠪᠴᠢᠯᠡᠭᠰᠡᠨ ᠰᠠᠶᠢᠨ ᠢᠯᠡᠳᠭᠡᠯ ᠪᠣᠯᠵᠠᠢ᠃ ᠥᠩᠭᠡᠷᠡᠭᠰᠡᠨ ᠨᠢᠭᠡ | ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠵᠦ᠂ ᠮᠠᠰᠢ ᠤᠯᠠᠨ ᠰᠠᠶᠢᠨ ᠲᠤᠷᠰᠢᠯᠭ᠎ᠠ ᠠᠷᠭ᠎ᠠ ᠬᠢᠳᠡᠯ ᠢ | ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢᠳᠡᠪᠬᠢᠲᠡᠢ ᠠᠬᠢᠴᠠ ᠪᠠ ᠢᠯᠡᠳᠲᠡ ᠦᠷ᠎ᠡ ᠪᠦᠲᠦᠮᠵᠢ ᠤᠯᠪᠠ ᠭᠡᠵᠡᠢ᠃ | ᠲᠥᠯᠥᠭᠡᠯᠡᠭᠴᠢᠳ ᠢᠯᠡᠷᠭᠡᠶᠢᠯᠡᠭᠰᠡᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠦᠪᠡᠭᠴᠢᠯᠡᠨ ᠪᠠᠶᠢᠷᠢᠯᠠᠭᠤᠯᠬᠤ ᠵᠢᠯ ᠮᠥᠨ᠃ ᠭᠤᠣᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠨᠢᠭᠡ ᠭᠤᠣᠯ ᠰᠢᠵᠢᠮ ᠢ ᠲᠣᠣᠱᠯᠠᠭᠤᠯᠬᠤ᠂ ᠬᠤᠶᠠᠷ ᠶᠡᠭᠡ ᠶᠠᠪᠤᠳᠠᠯ ᠢ | ᠰᠠᠶᠢᠲᠤᠷ ᠪᠡᠶᠡᠯᠡᠬᠦᠯᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠲᠤᠮᠳᠠ | ᠲᠦᠪᠰᠢᠨ ᠳᠤ ᠣᠷᠣᠬᠤ︾ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠤᠭ ᠰᠠᠨᠠᠭ᠎ᠠ ᠪᠠᠨ ᠰᠠᠬᠢᠵᠤ᠂ ᠡᠭᠦᠷᠭᠡ | ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠰᠢᠢᠳᠪᠦᠷᠢ | ᠭᠠᠷᠭᠠᠬᠤ᠂ ᠲᠣᠮᠢᠯᠠᠵᠤ ᠪᠠᠭᠤᠯᠭᠠᠬᠤ ᠵᠡᠷᠭᠡ ᠡᠯ᠎ᠡ ᠵᠦᠢᠯ ᠤᠨ ᠠᠵᠢᠯ ᠢᠶᠠᠨ ᠬᠠᠤᠯᠢ ᠶᠣᠰᠣᠭᠠᠷ ᠥᠷᠨᠢᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ | ᠢᠳᠡᠪᠬᠢᠲᠡᠢ ᠬᠤᠪᠢ ᠨᠡᠮᠡᠷᠢ ᠦᠵᠡᠬᠦᠯᠦᠨ᠎ᠡ ᠬᠡᠵᠡᠢ᠃ |