ᠦᠬᠠᠢ ᠬᠤᠳᠠ ᠶᠢᠨ ᠲᠦᠯᠦᠭᠡᠯᠡᠭᠴᠢᠳ ᠤᠨ ᠪᠦᠯᠬᠦᠮ ᠶᠡᠭᠡ ᠬᠤᠷᠠᠯ ᠳᠤ 25 ᠬᠤᠪᠢ ᠰᠠᠨᠠᠭᠤᠯᠭ᠎ᠠ ᠲᠡᠪᠰᠢᠬᠦᠯᠪᠡ
ᠨᠡᠶᠢᠲᠡᠯᠡᠭᠰᠡᠨ ᠴᠠᠭ᠄
2025/1/20
     ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠤᠨ ᠬᠤᠭᠤᠴᠠᠭᠠᠨ ᠳᠤ᠂ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠤᠯᠤᠰ ᠲᠥᠷᠥ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠢᠳᠡᠪᠬᠢᠲᠡᠶ ᠪᠠᠷ ᠶᠠᠷᠢᠶ᠎ᠠ ᠲᠠᠯᠪᠢᠭᠰᠠᠨ ᠰᠠᠭᠤᠷᠢᠨ ᠳᠡᠭᠡᠷ᠎ᠡ᠂ ᠰᠠᠨᠠᠭᠤᠯᠭ᠎ᠠ ᠶᠢᠨ ᠰᠡᠳᠬᠢᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠨᠠᠭᠤᠯᠭ᠎ᠠ ᠶᠢᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠡᠭᠡ ᠬᠤᠷᠠᠯ ᠳᠤ ᠨᠡᠶᠢᠲᠡ 25 ᠬᠤᠪᠢ ᠰᠠᠨᠠᠭᠤᠯᠭ᠎ᠠ ᠳᠡᠪᠰᠢᠭᠦᠯᠪᠡ᠃      ᠡᠨᠡ ᠵᠢᠯ᠂ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢᠨ ᠠᠭᠤᠯᠭ᠎ᠠ ᠳᠤ ᠠᠵᠤ ᠠᠬᠤᠶ᠂ ᠠᠷᠠᠳ ᠤᠨ ᠠᠮᠢᠳᠤᠷᠠᠯ ᠵᠢᠴᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠵᠡᠷᠭᠡ ᠲᠠᠯ᠎ᠠ ᠳᠤ ᠬᠤᠯᠪᠤᠭᠳᠠᠪᠡ᠂ ᠵᠢᠱᠢᠶᠡᠯᠡᠪᠡᠯ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠪᠣᠳᠠᠲᠠᠶ ᠪᠠᠶᠢᠳᠠᠯ ᠢ ᠬᠦᠢᠴᠡᠳ ᠪᠣᠳᠣᠯᠬᠢᠯᠠᠵᠤ ᠵᠥᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠬᠦ ᠲᠤᠬᠠᠶ ᠰᠠᠨᠠᠭᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠲᠤᠬᠠᠶ ᠰᠠᠨᠠᠭᠤᠯᠭ᠎ᠠ᠂ ᠦᠨᠳᠦᠰᠦᠨ ᠱᠠᠲᠤᠨ ᠤ ᠪᠡᠶ᠎ᠡ ᠪᠠᠨ ᠳᠠᠭᠠᠭᠠᠵᠤ ᠬᠠᠭᠤᠴᠢᠨ ᠰᠠᠭᠤᠭᠠᠯᠢ ᠲᠣᠭᠤᠷᠢᠭ ᠢ ᠰᠢᠨᠡᠴᠢᠯᠡᠬᠦ ᠶᠢ ᠳᠡᠮᠵᠢᠬᠦ ᠲᠤᠬᠠᠶ ᠰᠠᠨᠠᠭᠤᠯᠭ᠎ᠠ᠂ ᠬᠤᠲᠠ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠪᠠ ᠲᠡᠷᠭᠡᠨ ᠵᠣᠭᠰᠣᠭᠠᠯ ᠢ ᠨᠡᠮᠡᠭᠳᠡᠭᠦᠯᠬᠦ ᠲᠤᠬᠠᠶ ᠰᠠᠨᠠᠭᠤᠯᠭ᠎ᠠ︔ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ᠂ ᠦᠬᠠᠶ ᠬᠤᠲᠠ ᠶᠢᠨ ᠠᠶᠢᠮᠠᠭ ᠬᠤᠲᠠ ᠠᠯᠤᠰᠯᠠᠭᠰᠠᠨ ᠬᠤᠶᠠᠳᠤᠭᠠᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠯ ᠲᠤᠭ᠎ᠠ ᠶᠢ ᠳᠡᠮᠵᠢᠬᠦ ᠲᠤᠬᠠᠶ ᠰᠠᠨᠠᠭᠤᠯᠭ᠎ᠠ ᠵᠡᠷᠭᠡ ᠪᠣᠯᠤᠨ᠎ᠠ᠃      ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠨᠢ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠦᠬᠠᠶ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠢᠩᠭ᠎ᠠ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号