1 ᠰᠠᠷ᠎ᠠ ᠶᠢᠨ 17 ᠤ ᠡᠳᠦᠷ᠂ ᠮᠠᠨ ᠤ ᠬᠤᠲᠠ 2024 ᠣᠨ ᠤ ᠺᠠᠳ᠋ᠷᠴᠣᠳ ᠤᠨ ᠢᠷᠠᠭᠤ ᠠᠯᠳᠠᠷ ᠲᠠᠢ ᠪᠠᠷ | ᠠᠵᠢᠯ ᠠᠴᠠ ᠪᠠᠨ ᠪᠠᠭᠤᠵᠤ ᠠᠮᠠᠷᠠᠬᠤ ᠶᠣᠰᠣᠯᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠯᠢ ᠠᠩ ᠬᠡᠯᠡᠭᠰᠡᠨ ᠨᠢ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠪᠣᠯ ᠪᠦᠬᠦ ᠬᠤᠳᠠ ᠶᠢᠨ | ᠥᠭᠡᠷᠡᠴᠢᠯᠡᠯᠲᠡ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠦᠭᠴᠢ ᠪᠠ ᠦᠢᠯᠡᠳᠦᠯᠭᠡᠵᠢᠭᠦᠯᠦᠭᠴᠢ ᠮᠥᠨ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠃ ᠤᠯᠤᠰ | ᠲᠦᠷᠦ ᠶᠢᠨ ᠤᠤᠷ ᠴᠢᠨᠠᠷ ᠢᠶᠠᠨ ᠦᠷᠭᠦᠯᠵᠢᠯᠡᠨ ᠪᠠᠲᠤ ᠰᠠᠬᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ | ᠪᠠᠲᠤ ᠴᠢᠩᠭ᠎ᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠶᠣᠰᠣ ᠳᠦᠷᠢᠮ ᠤᠨ ᠤᠬᠠᠮᠰᠠᠷ ᠢᠶᠠᠨ | ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠬᠢ ᠮᠡᠷᠭᠡᠨ ᠬᠥᠮᠦᠨ ᠪᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ | ᠪᠠᠲᠤ ᠶᠢ ᠵᠢᠷᠤᠮᠯᠠᠬᠤ ᠳᠠᠭᠠᠭᠤᠯᠤᠭᠴᠢ ᠪᠣᠯᠬᠤ ᠬᠡᠷᠡᠭᠲᠡᠢ︔ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ | ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠪᠠᠨ ᠦᠷᠭᠦᠯᠵᠢᠯᠡᠨ ᠰᠠᠶᠢᠲᠤᠷ ᠬᠢᠵᠦ᠂ ᠪᠦᠬᠦ ᠬᠤᠳᠠ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠲᠥᠯᠥᠭᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠠᠵᠢᠯ ᠠᠴᠠ ᠪᠠᠨ | ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠦᠢᠯᠡᠴᠢᠯᠡᠭᠡᠨ ᠤ | ᠪᠠᠲᠤᠯᠠᠭ᠎ᠠ ᠪᠠᠨ ᠰᠠᠶᠢᠲᠤᠷ ᠬᠢᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠠᠷᠢᠶᠠᠯᠠᠭᠳᠠᠬᠤ | ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠨᠢ ᠦᠨᠡᠨᠬᠦ ᠨᠡᠮᠡᠭᠳᠡᠭᠦᠯᠬᠦ ᠬᠡᠷᠡᠭᠲᠡᠶ ᠭᠡᠵᠡᠢ᠃ | ᠶᠣᠰᠣᠯᠠᠯ ᠳᠡᠭᠡᠷ᠎ᠡ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠳᠤ ᠢᠷᠠᠭᠤ | ᠠᠯᠳᠠᠷ ᠲᠠᠢ ᠪᠠᠷ ᠠᠵᠢᠯ ᠠᠴᠠ ᠪᠠᠨ ᠪᠠᠭᠤᠵᠤ ᠠᠮᠠᠷᠠᠭᠰᠠᠨ ᠳᠤᠷᠠᠰᠬᠠᠯ ᠤᠨ ᠲᠡᠮᠳᠡᠭ ᠭᠠᠷᠳᠠᠭᠤᠯᠪᠠ᠃ | ᠤᠯᠠᠨ ᠢᠶᠠᠷ ᠢᠶᠠᠨ ︽ᠨᠠᠰᠤ ᠵᠢᠯ ᠤᠨ ᠭᠠᠪᠢᠶᠠᠨ ᠲᠡᠮᠳᠡᠭ— ᠠᠵᠢᠯ ᠠᠴᠠ ᠪᠠᠨ ᠪᠠᠭᠤᠵᠤ ᠠᠮᠠᠷᠠᠭᠰᠠᠨ | ᠺᠠᠳ᠋ᠷᠴᠤᠳ ᠲᠤ ᠬᠦᠨᠳᠦᠳᠬᠡᠯ ᠳᠡᠪᠰᠢᠭᠦᠯᠦᠶ᠎ᠡ︾ ᠭᠡᠬᠦ ᠣᠬᠤᠷ ᠹᠢᠯᠢᠮ ᠢ ᠦᠵᠡᠵᠦ᠂ ᠠᠵᠢᠯ ᠠᠴᠠ ᠪᠠᠨ ᠪᠠᠭᠤᠵᠤ | ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠪᠣᠯᠤᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ | ᠪᠠᠶᠢᠭ᠎ᠠ ᠨᠢᠭᠡᠴᠡ ᠶᠢᠨ ᠲᠥᠯᠥᠭᠡᠯᠡᠭᠴᠢ ᠶᠠᠷᠢᠶ᠎ᠠ ᠲᠠᠯᠪᠢᠪᠠ᠃ ᠶᠣᠰᠣᠯᠠᠯ ᠳᠠᠭᠤᠰᠤᠭᠰᠠᠨ ᠤ ᠲᠠᠷᠠᠭ᠎ᠠ᠂ ᠠᠵᠢᠯ ᠠᠴᠠ ᠪᠠᠨ | ᠪᠠᠭᠤᠵᠤ ᠠᠮᠠᠷᠠᠭᠰᠠᠨ ᠺᠠᠳ᠋ᠷᠴᠤᠳ ᠬᠤᠳᠠ ᠶᠢᠨ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠤᠨ | ᠣᠷᠳᠣᠨ ᠢ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠤᠩᠰᠢᠪᠠ᠃ |