ᠡᠩᠬᠡ ᠶᠢᠨ 220 ᠺᠢᠯᠣᠸᠠᠲ ᠤᠨ ᠴᠠᠬᠢᠯᠭᠠᠨ ᠲᠠᠮᠵᠢᠭᠤᠯᠵᠤ ᠬᠦᠴᠦᠳᠡᠯ ᠦᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠲᠠᠭᠤᠰᠬᠠᠵᠤ ᠠᠰᠢᠭᠯᠠᠯᠳᠠ ᠳᠤ ᠣᠷᠣᠭᠤᠯᠪᠠ
ᠨᠡᠶᠢᠲᠡᠯᠡᠭᠰᠡᠨ ᠴᠠᠭ᠄
2025/1/21
     ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠪᠤᠯᠬᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠦᠬᠠᠶ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠡᠩᠬᠡ ᠶᠢᠨ 220 ᠺᠢᠯᠣᠸᠠᠲ ᠤᠨ ᠴᠠᠬᠢᠯᠭᠠᠨ ᠲᠠᠮᠵᠢᠭᠤᠯᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠦᠷᠦᠭᠦᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃      ᠲᠤᠰ ᠢᠨᠵᠧᠨᠧᠷᠢᠩ ᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠠᠴᠠ ᠲᠠᠭᠠᠭᠠᠴᠢᠯᠠᠨ ᠪᠦᠲᠦᠭᠡᠨ ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 2.1 ᠳ᠋ᠦᠩᠰᠢᠭᠤᠷ ᠲᠥᠭᠦᠷᠢᠭ ᠲᠤ ᠬᠦᠷᠴᠦ᠂ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠪᠣᠯᠤᠨ 19 ᠺᠢᠯᠣᠮᠧᠲᠷ ᠤᠨ 220 ᠺᠢᠯᠣᠸᠠᠲ ᠤᠨ ᠴᠠᠬᠢᠯᠭᠠᠨ ᠬᠡᠯᠬᠢᠶ᠎ᠡ ᠶᠢ ᠪᠠᠶᠢᠭᠤᠯᠤᠨ ᠲᠠᠭᠤᠰᠬᠠᠪᠠ᠃ ᠬᠦᠴᠦᠳᠡᠯ ᠦᠭᠡᠷᠡᠴᠢᠯᠡᠬᠦ ᠥᠷᠲᠡᠭᠡ ᠶᠢᠨ ᠰᠢᠨ᠎ᠡ ᠪᠠᠷ 2 ᠰᠠᠭᠤᠷᠢ 240 MVA ᠭᠤᠣᠯ ᠬᠦᠴᠦᠳᠡᠯ ᠦᠭᠡᠷᠡᠴᠢᠯᠡᠭᠴᠢ ᠤᠭᠰᠠᠷᠠᠵᠤ᠂ 2 ᠰᠠᠭᠤᠷᠢ ᠭᠤᠣᠯ ᠬᠦᠴᠦᠳᠡᠯ ᠦᠭᠡᠷᠡᠴᠢᠯᠡᠭᠴᠢ ᠶᠢᠨ ᠰᠠᠭᠤᠷᠢ ᠶᠢ ᠤᠷᠢᠳᠴᠢᠯᠠᠨ ᠦᠯᠡᠳᠡᠭᠡᠪᠡ᠃ ᠵᠠᠮ ᠱᠤᠭᠤᠮ ᠤᠨ ᠪᠠᠷᠢᠯᠭ᠎ᠠ ᠨᠢ ᠣᠷᠳᠣᠰ ᠬᠤᠲᠠ ᠪᠠ ᠦᠬᠠᠶ ᠬᠤᠲᠠ ᠶᠢ ᠰᠤᠨᠳᠠᠯᠠᠵᠤ᠂ 70 ᠰᠠᠭᠤᠷᠢ ᠲᠡᠮᠦᠷ ᠴᠠᠮᠬᠠᠭ ᠢ ᠪᠥᠲᠥᠭᠡᠨ ᠪᠠᠶᠢᠭᠤᠯᠪᠡ᠃ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠲᠣᠰ ᠢᠨᠵᠧᠨᠧᠷᠢᠩ ᠪᠠᠰᠠ ᠣᠶᠤᠨᠴᠢ ᠪᠠᠷᠢᠯᠭ᠎ᠠ ᠶᠢᠨ ᠭᠠᠵᠠᠷ ᠤᠨ ᠮᠡᠷᠭᠡᠵᠢᠯ ᠢ ᠬᠡᠷᠡᠭᠯᠡᠵᠦ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠶᠠᠪᠤᠴᠠ ᠶᠢᠨ ᠠᠮᠤᠷ ᠲᠦᠪᠰᠢᠨ ᠳᠤ ᠠᠳᠡᠯ ᠭᠠᠷᠭᠠᠬᠤ ᠥᠬᠡᠶ ᠪᠠᠶᠢᠬᠤ ᠬᠠᠷᠠᠯᠲᠠ ᠶᠢ ᠪᠡᠶᠡᠯᠡᠭᠦᠯᠪᠡ᠃      ᠡᠩᠬᠡ ᠶᠢᠨ 220 ᠺᠢᠯᠣᠸᠠᠲ ᠤᠨ ᠴᠠᠬᠢᠯᠭᠠᠨ ᠲᠠᠮᠵᠢᠭᠤᠯᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠭᠠᠳ ᠠᠰᠢᠭᠯᠠᠯᠲᠠ ᠳᠤ ᠣᠷᠣᠭᠤᠯᠣᠭᠰᠠᠨ ᠨᠢ᠂ ᠦᠬᠠᠶ ᠶᠢᠨ ᠬᠠᠶᠢᠷᠤᠪ ᠤᠨ ᠲᠣᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠮᠠᠨ ᠤ ᠬᠤᠲᠠ ᠶᠢᠨ 220 ᠺᠢᠯᠣᠸᠠᠲ ᠤᠨ ᠴᠠᠬᠢᠯᠭᠠᠨ ᠲᠣᠤᠷ ᠤᠨ ᠪᠦᠲᠦᠴᠡ ᠶᠢᠨ ᠪᠦᠲᠦᠴᠡ ᠶᠢ ᠰᠢᠯᠢᠳᠡᠭᠵᠢᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠠᠬᠢᠯᠭᠠᠨ ᠬᠦᠴᠦᠨ ᠤ ᠬᠦᠴᠦᠳᠡᠢ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号