1 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ | ᠲᠠᠪᠤᠳᠤᠭᠠᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ | ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠸᠠᠩ ᠶᠦᠨ ᠾᠧᠩ ᠬᠤᠷᠠᠯ ᠡᠷᠭᠢᠯᠡᠪᠡ᠃ | ᠵᠧᠦ ᠶᠢᠨ ᠰᠢᠩ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶ᠎ᠠ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠡᠷᠡᠰ ᠲᠤᠤᠱᠯᠠᠭᠤᠯᠵᠤ᠂ ᠪᠦᠬᠦ | ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ | ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠡᠯ᠎ᠡ ᠵᠦᠢᠯ ᠤᠨ ᠠᠵᠢᠯ ᠳᠤ ᠯᠠᠪᠳᠠᠭᠤᠨ | ᠪᠠᠲᠤᠲᠠᠢ ᠦᠷ᠎ᠡ ᠪᠦᠲᠦᠮᠵᠢ ᠣᠯᠵᠠᠢ᠃ ᠰᠢᠨ᠎ᠡ ᠨᠢᠭᠡ ᠵᠢᠯ ᠳᠤ᠂ ᠪᠦᠬᠦ ᠬᠤᠳᠠ ᠶᠢᠨ ᠢᠯᠵᠢᠷᠡᠯ ᠢ ᠡᠰᠡᠷᠭᠦᠴᠡᠬᠦ | ᠲᠡᠮᠡᠴᠡᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠣᠨᠣᠪᠴᠢᠲᠠᠢ ᠡᠵᠡᠮᠳᠡᠵᠦ᠂ | ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ | ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ | ᠬᠡᠷᠡᠭᠲᠡᠢ᠃ ᠤᠯᠤᠰ ᠲᠦᠷᠦ ᠶᠢᠨ ᠬᠢᠨᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ | ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ | ᠬᠦᠴᠦᠯᠡᠨ ᠪᠠᠶᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠭᠡᠮ ᠳᠠᠶᠠᠭᠠᠷ ᠲᠤ ᠠᠷᠢᠭᠤᠨ ᠴᠢᠬᠡᠴᠢ ᠪᠠᠶᠢᠬᠤ ᠶᠢ ᠡᠷᠬᠢᠮᠯᠡᠬᠦ᠂ ᠥᠭᠡᠳᠡᠯᠡᠨ ᠳᠠᠪᠰᠢᠬᠤ ᠰᠠᠶᠢᠨ | ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠨᠠᠮ ᠳᠠᠭᠠᠨ ᠦᠨᠡᠨᠴᠢ ᠰᠢᠳᠤᠷᠭᠤ᠂ ᠬᠠᠲᠠᠭᠤ ᠳᠠᠶᠢᠯᠠᠯᠳᠤᠭᠠᠨ ᠬᠢᠬᠦ᠂ ᠴᠢᠳᠠᠮᠠᠭᠠᠢ ᠪᠠᠷ ᠲᠡᠮᠡᠴᠡᠬᠦ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠡᠮᠤᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠡᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ 1 ᠰᠠᠷ᠎ᠠ ᠶᠢᠨ 23 ᠤ ᠡᠳᠦᠷ ᠬᠠᠶᠢᠷᠤᠪ ᠤᠨ | ᠲᠤᠬᠤᠢ ᠳᠤ ᠬᠤᠷᠠᠯᠳᠤᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ | ᠬᠤᠷᠠᠯ ᠡᠷᠭᠢᠯᠡᠵᠦ᠂ ᠸᠠᠩ ᠶᠦᠨ ᠾᠧᠩ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢ ᠲᠥᠯᠥᠭᠡᠯᠡᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠶ ᠳᠥᠯᠭᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠦᠬᠠᠶ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ | ᠠᠵᠢᠯ ᠤᠨ ᠮᠡᠳᠡᠭᠦᠯᠦᠯᠲᠡ ᠬᠢᠪᠠ᠃ |