ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/26
     1 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶᠠᠨ ᠤ ᠤᠳᠤᠷᠢᠳᠬᠤ ᠪᠠᠭ ᠤᠨ 2024 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢᠦ ᠰᠥᠩ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠳᠤ ᠰᠤᠯᠠ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠲᠤᠰᠬᠠᠶ ᠲᠥᠰᠦᠯ ᠲᠣᠭᠲᠠᠭᠠᠵᠤ᠂ ᠰᠤᠷᠤᠯᠴᠠᠨ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠪᠠ᠃ ᠡᠯ᠎ᠡ ᠪᠠᠶᠢᠩᠭᠤ ᠶᠢᠨ ᠭᠡᠰᠢᠭᠦᠳ ᠰᠡᠳᠬᠢᠯ ᠤᠨ ᠦᠭᠡ ᠪᠠᠨ ᠨᠠᠷᠢᠨ ᠬᠢᠨᠠᠮᠠᠭᠠᠶ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠨᠠᠷᠢᠨ ᠨᠢᠮᠪᠠᠶ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠪᠡ᠃      ᠬᠤᠷᠠᠯ ᠠᠴᠠ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠣᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢᠶᠠᠨ ᠵᠠᠷᠯᠠᠨ ᠮᠡᠳᠡᠭᠳᠡᠪᠡ᠃ ᠵᠧᠦ ᠶᠢᠨ ᠰᠢᠩ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠭᠰᠡᠨ ᠪᠦᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠪᠠ᠃ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠠᠷᠢᠴᠠᠭᠤᠯᠤᠭᠰᠠᠨ ᠪᠠᠶᠢᠴᠠᠭᠠᠯᠳᠠ ᠬᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠬᠢᠨᠠᠮᠠᠭᠠᠶ ᠥᠷᠨᠢᠭᠦᠯᠪᠡ᠃      ᠵᠧᠦ ᠶᠢᠨ ᠰᠢᠩ ᠳ᠋ᠦᠩᠨᠡᠯᠲᠡ ᠶᠢᠨ ᠶᠠᠷᠢᠶᠠᠨ ᠳᠠᠭᠠᠨ ᠬᠡᠯᠡᠭᠰᠡᠨ ᠨᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠨᠠᠮ ᠳᠠᠭᠠᠨ ᠦᠨᠡᠨᠴᠢ ᠰᠢᠳᠤᠷᠭᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠤᠯᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠴᠥᠮ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠳᠠᠭᠠᠬᠤ ᠪᠠᠷ ᠤᠷᠢᠲᠠᠯ ᠪᠣᠯᠭᠠᠵᠤ᠂ ᠦᠬᠠᠢ ᠶᠢᠨ ᠡᠯ᠎ᠡ ᠵᠦᠢᠯ ᠤᠨ ᠦᠢᠯᠡᠰ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠤᠯᠵᠤ᠂ ᠠᠰᠠᠭᠤᠳᠠᠯ ᠢᠶᠠᠨ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠢ ᠬᠢᠨᠠᠨ ᠵᠢᠯᠣᠭᠤᠳᠴᠤ ᠪᠠᠶᠢᠭᠠᠳ ᠪᠡᠶ᠎ᠡ ᠪᠠᠨ ᠴᠢᠩᠭ᠎ᠠ ᠱᠠᠭᠠᠷᠳᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠭᠦᠯᠵᠦ᠂ ᠬᠠᠷᠢᠶ᠎ᠠ ᠪᠠᠨ ᠴᠢᠩᠭ᠎ᠠ ᠬᠠᠮᠢᠶᠠᠷᠬᠤ ᠬᠡᠷᠡᠭᠲᠡᠢ᠃ ᠨᠠᠮᠴᠢ ᠴᠢᠨᠠᠷ ᠢᠶᠠᠨ ᠴᠢᠩᠭᠠᠳᠬᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠢ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ᠂ ᠪᠡᠶ᠎ᠡ ᠪᠠᠨ ᠴᠢᠩᠭ᠎ᠠ ᠪᠠᠶᠢᠴᠠᠭᠠᠵᠤ᠂ ᠨᠠᠮ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠬᠡᠷᠡᠭᠴᠡᠭᠡ ᠶᠢᠨ ᠦᠯᠦ ᠮᠡᠳᠡᠭᠳᠡᠮ᠎ᠡ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号