ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/27
     1 ᠰᠠᠷ᠎ᠠ ᠶᠢᠨ 25 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠶᠧ ᠸᠧᠨ᠂ ᠸᠠᠩ ᠰᠢᠶᠠᠨ ᠭᠠᠩ᠂ ᠯᠢ ᠾᠦᠢ ᠫᠢᠩ᠂ ᠭᠦᠸᠧ ᠴᠠᠩ ᠠᠨ ᠬᠤᠷᠠᠯ ᠳᠤ ᠰᠤᠯᠠ ᠣᠷᠣᠯᠴᠠᠪᠠ᠃      ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠤᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠲᠤᠰᠬᠠᠶᠢᠯᠠᠨ ᠲᠥᠰᠦᠯ ᠲᠣᠭᠲᠠᠭᠠᠵᠤ᠂ ᠰᠤᠷᠤᠯᠴᠠᠨ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠠᠷ ᠰᠡᠳᠬᠢᠯ ᠤᠨ ᠦᠭᠡ ᠪᠠᠨ ᠨᠠᠷᠢᠨ ᠬᠢᠨᠠᠮᠠᠭᠠᠶ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠨᠠᠷᠢᠨ ᠨᠢᠮᠪᠠᠶ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠪᠡ᠃      ᠬᠤᠷᠠᠯ ᠠᠴᠠ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠣᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢᠶᠠᠨ ᠵᠠᠷᠯᠠᠨ ᠮᠡᠳᠡᠭᠳᠡᠪᠡ᠃ ᠯᠢ ᠴᠦᠨ ᠰᠢᠶᠤᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢᠶᠠᠨ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠭᠰᠠᠨ ᠪᠠᠶᠢᠴᠠᠭᠠᠯᠳᠠ ᠬᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠬᠢᠨᠠᠮᠠᠭᠠᠶ ᠥᠷᠨᠢᠭᠦᠯᠪᠡ᠃      ᠯᠢ ᠴᠦᠨ ᠰᠢᠶᠤᠤ ᠳ᠋ᠦᠩᠨᠡᠯᠲᠡ ᠶᠢᠨ ᠶᠠᠷᠢᠶᠠᠨ ᠳᠠᠭᠠᠨ ᠬᠡᠯᠡᠭᠰᠡᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠴᠢᠬᠤᠯᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ᠂ ᠭᠤᠤᠯᠳᠠᠯᠭ᠎ᠠ ᠲᠠᠢ ᠠᠵᠢᠯ ᠢ ᠤᠯᠤᠰ ᠲᠥᠷᠥ ᠶᠢᠨ ᠵᠥᠪᠯᠡᠯᠭᠡᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠨᠠᠮ ᠤᠨ ᠰᠢᠨ᠎ᠡ ᠶᠢ ᠡᠭᠦᠳᠬᠦ ᠤᠨᠤᠯ ᠤᠨ ᠤᠯᠤᠰ ᠲᠦᠷᠦ ᠶᠢᠨ ᠲᠤᠬᠠᠢ ᠬᠠᠮᠲᠤ ᠶᠢᠨ ᠲᠠᠨᠢᠯᠳᠠ᠂ ᠦᠵᠡᠯ ᠰᠠᠨᠠᠭᠠᠨ ᠤ ᠲᠤᠬᠠᠢ ᠬᠠᠮᠲᠤ ᠶᠢᠨ ᠲᠠᠨᠢᠯᠳᠠ᠂ ᠤᠨᠤᠯ ᠤᠨ ᠲᠤᠬᠠᠢ ᠬᠠᠮᠲᠤ ᠶᠢᠨ ᠲᠠᠨᠢᠯᠳᠠ᠂ ᠬᠠᠶᠢᠷ᠎ᠠ ᠰᠡᠳᠬᠢᠯᠭᠡ ᠶᠢᠨ ᠲᠤᠬᠠᠢ ᠬᠠᠮᠲᠤ ᠶᠢᠨ ᠲᠠᠨᠢᠯᠳᠠ ᠪᠠᠨ ᠴᠢᠩᠭᠠᠳᠬᠠᠬᠤ ᠬᠡᠷᠡᠭᠲᠡᠢ︔ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢᠶᠠᠨ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号