1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠦᠬᠠᠶ | ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠳᠤ ᠣᠷᠣᠯᠴᠠᠭᠰᠠᠨ | ᠭᠡᠰᠢᠭᠦᠳ ᠳᠤᠭᠤᠶᠢᠯᠠᠩ ᠬᠤᠪᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠢᠯᠡᠳᠭᠡᠯ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ | ᠡᠯ᠎ᠡ ᠳᠤᠭᠤᠶᠢᠯᠠᠩ ᠬᠤᠪᠢᠶᠠᠭᠰᠠᠨ ᠬᠢᠨᠠᠨ ᠵᠥᠪᠯᠡᠬᠦ ᠬᠤᠷᠠᠯ ᠤᠨ ᠲᠠᠯᠠᠪᠠᠢ ᠳᠤ᠂ ᠭᠡᠰᠢᠭᠦᠳ ᠪᠤᠳᠤᠭᠰᠠᠨ | ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠲᠤᠭᠠᠴᠢᠵᠤ᠂ ᠲᠤᠬᠠᠢ ᠶᠢᠨ ᠲᠠᠯᠠᠪᠠᠢ ᠶᠢᠨ | ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃ ᠭᠡᠰᠢᠭᠦᠳ ᠰᠠᠨᠠᠯ ᠨᠢᠭᠡᠲᠡᠶ ᠦᠵᠡᠭᠰᠡᠨ ᠨᠢ᠂ ᠬᠤᠲᠠ ᠶᠢᠨ | ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠳᠤ ᠤᠯᠤᠰ ᠲᠥᠷᠦ ᠶᠢᠨ | ᠵᠥᠪᠯᠡᠯᠭᠡᠨ ᠤ ᠠᠵᠢᠯ ᠢᠶᠠᠨ ᠭᠤᠤᠯᠳᠠᠯᠭ᠎ᠠ ᠲᠣᠪᠤᠶᠢᠮ᠎ᠠ᠂ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ | ᠬᠤᠶᠢᠰᠢᠳᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠠᠷᠠᠯᠲᠠ ᠲᠣᠳᠣᠷᠬᠠᠶ᠂ ᠰᠡᠳᠬᠢᠴᠡ ᠲᠣᠳᠣᠷᠬᠠᠶ᠂ | ᠢᠯᠡᠳᠬᠡᠯ ᠳᠤ ᠭᠦᠨᠴᠡ ᠲᠠᠢ᠂ ᠦᠨᠳᠦᠷᠴᠡ ᠲᠠᠢ᠂ ᠲᠤᠯᠠᠭᠠᠴᠠ ᠲᠠᠢ ᠪᠠᠶᠢᠵᠤ᠂ ᠬᠥᠮᠦᠰ ᠢ ᠤᠷᠮᠠᠰᠢᠭᠤᠯᠤᠨ | ᠵᠣᠷᠢᠭᠵᠢᠭᠤᠯᠵᠤ᠂ ᠬᠥᠮᠦᠰ ᠢ ᠵᠤᠷᠢᠭ ᠢ ᠬᠦᠪᠴᠢᠯᠡᠵᠦ᠂ ᠪᠦᠬᠦ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ | ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠪᠡ︔ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ | ᠮᠡᠳᠡᠭᠦᠯᠦᠯᠲᠡ ᠨᠢ ᠦᠨᠡᠨ ᠠᠴᠠ ᠵᠥᠪ ᠢ ᠡᠷᠢᠵᠦ᠂ ᠲᠣᠪᠴᠢ ᠠᠪᠰᠠᠷᠬᠠᠨ ᠪᠠᠶᠢᠵᠤ᠂ ᠬᠤᠲᠠ ᠶᠢᠨ ᠤᠯᠤᠰ ᠲᠥᠷᠦ ᠶᠢᠨ | ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠠᠴᠠ ᠨᠠᠭᠠᠰᠢᠬᠢ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠪᠤᠰᠤᠳᠴᠢ ᠪᠠᠷ ᠲᠤᠰᠬᠠᠵᠤ᠂ ᠰᠠᠨᠠᠯ ᠳᠤᠷᠠᠳᠤᠯᠭ᠎ᠠ ᠶᠢᠨ ᠵᠥᠪᠯᠡᠬᠦ ᠰᠡᠳᠦᠪ | ᠥᠷᠭᠡᠨ᠂ ᠠᠭᠤᠯᠭ᠎ᠠ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠪᠦᠬᠦ ᠬᠤᠲᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠪᠠ ᠡᠯ᠎ᠡ ᠵᠦᠢᠯ ᠤᠨ ᠠᠵᠢᠯ ᠦᠢᠯᠡᠰ ᠤᠨ ᠳᠠᠪᠰᠢᠯᠲᠠ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠪᠡ ᠭᠡᠵᠡᠢ᠃ | ᠬᠢᠨᠠᠨ ᠵᠥᠪᠯᠡᠬᠦ ᠶᠠᠪᠤᠴᠠ ᠳᠤ᠂ ᠭᠡᠰᠢᠭᠦᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ | ᠲᠣᠭᠤᠷᠢᠨ ᠳᠤ ᠢᠳᠬᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠣᠬᠠᠭᠠᠨ ᠰᠦᠪᠡᠭᠴᠢᠯᠡᠵᠦ ᠭᠠᠷᠭᠠᠵᠤ᠂ ᠪᠣᠳᠠᠲᠠᠶ | ᠠᠷᠭ᠎ᠠ ᠬᠡᠮᠵᠢᠶ᠎ᠡ ᠲᠤᠷᠠᠳᠪᠠ᠃ ᠣᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠬᠤᠶᠢᠰᠢᠳᠠ ᠶᠢᠨ ᠠᠵᠢᠯ ᠤᠨ ᠳᠤᠮᠳᠠ | ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠭᠡᠰᠢᠭᠦᠳ ᠤᠨ ᠢᠷᠠᠭᠤ ᠠᠯᠳᠠᠷ ᠢᠶᠠᠨ ᠤᠯᠠᠮ | ᠨᠢᠭᠡ ᠠᠯᠬᠤᠮ ᠨᠠᠨᠳᠢᠩᠨᠠᠵᠤ᠂ ᠭᠡᠰᠢᠭᠦᠳ ᠤᠨ ᠤᠬᠠᠮᠰᠠᠷ ᠢᠶᠠᠨ ᠴᠢᠩᠭᠠᠳᠬᠠᠵᠤ᠂ ᠭᠤᠤᠯᠳᠠᠯᠭ᠎ᠠ ᠶᠢᠨ ᠲᠣᠭᠤᠷᠢᠨ ᠳᠤ | ᠶᠡᠭᠡ ᠲᠠᠯ᠎ᠠ ᠳᠤ ᠦᠢᠯᠡᠴᠢᠯᠡᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠲᠠᠯ᠎ᠠ ᠪᠠᠷ ᠬᠤᠤᠰ ᠴᠢᠭᠯᠡᠯ ᠢᠶᠠᠷ ᠬᠦᠴᠦᠯᠡᠵᠦ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠨᠠᠩ ᠣᠯᠠᠨ | ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠡᠢ᠃ |