1 ᠰᠠᠷ᠎ᠠ ᠶᠢᠨ 6 ᠤ ᠡᠳᠦᠷ᠂ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠣᠳᠠᠭᠠᠨ ᠤ ᠬᠤᠷᠠᠯ | ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠵᠦ᠂ ᠳᠡᠳ᠋ ᠡᠷᠬᠢᠯᠡᠭᠴᠢ ᠪᠠᠶ ᠬᠠᠶ ᠿᠦᠩ᠂ ᠸᠠᠩ ᠶᠢᠨ᠂ ᠸᠧᠶ ᠠᠶ | ᠯᠢᠨ᠂ ᠴᠡᠩᠬᠡᠯ᠂ ᠰᠥᠩ ᠶᠤᠸᠠᠢ ᠰᠢᠶᠠ᠂ ᠿᠧᠨ ᠵᠢᠶ ᠬᠤᠸᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠶᠦᠨ | ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 33 ᠬᠥᠮᠦᠨ ᠬᠤᠷᠠᠯ ᠳᠤ ᠣᠷᠣᠯᠴᠠᠪᠡ᠃ | ᠬᠤᠷᠠᠯ ᠠᠴᠠ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ | ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ | ᠪᠠᠲᠤᠯᠠᠪᠠ᠃ | ᠬᠤᠷᠠᠯ ᠠᠴᠠ ᠴᠧᠩ ᠵᠦᠩ ᠵᠦᠩ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠪᠠᠷ ᠲᠤᠮᠢᠯᠠᠬᠤ ᠪᠠᠷ ᠲᠤᠭᠳᠠᠵᠦ᠂ ᠰᠢᠨ᠎ᠡ ᠪᠠᠷ ᠲᠤᠰᠢᠶᠠᠯ ᠳᠤ ᠲᠤᠮᠢᠯᠠᠭᠳᠠᠭᠰᠠᠳ ᠲᠤ ᠲᠤᠰᠢᠶᠠᠯ ᠳᠤ | ᠲᠣᠮᠢᠯᠠᠬᠤ ᠪᠢᠴᠢᠭ ᠭᠠᠷᠳᠠᠭᠤᠯᠬᠤ ᠶᠢᠨ ᠬᠠᠮᠲᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠬᠤᠷᠠᠯ ᠠᠴᠠ ᠪᠠᠰᠠ ᠪᠤᠰᠤᠳ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ | ᠪᠠᠭᠤᠯᠭᠠᠬᠤ ᠵᠦᠢᠯᠡᠰ ᠢ ᠪᠠᠳᠤᠯᠠᠪᠠ᠃ | ᠹᠧᠩ ᠰᠢᠤᠸᠠᠢ ᠲᠤᠤ ᠰᠢᠨ᠎ᠡ ᠪᠠᠷ ᠲᠤᠰᠢᠶᠠᠯ ᠳᠤ ᠲᠤᠮᠢᠯᠠᠭᠳᠠᠭᠰᠠᠳ ᠲᠤ ᠪᠠᠶᠠᠷ ᠬᠦᠷᠭᠡᠵᠦ᠂ ᠰᠢᠨ᠎ᠡ ᠪᠠᠷ | ᠲᠤᠰᠢᠶᠠᠯ ᠳᠤ ᠲᠤᠮᠢᠯᠠᠭᠳᠠᠭᠰᠠᠳ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠣᠷᠢᠯᠲᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠯ᠂ | ᠬᠠᠤᠯᠢᠵᠢᠯ ᠤᠨ ᠰᠡᠳᠬᠢᠬᠦᠢ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠴᠢᠨᠠᠭᠰᠢᠳᠠ ᠴᠢᠩᠭᠠᠳᠬᠠᠵᠤ᠂ ᠡᠯ᠎ᠡ | ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠴᠢᠷᠮᠠᠶᠢᠨ ᠪᠠᠲᠤᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠬᠡᠵᠡᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ | ᠯᠢ ᠳ᠋ᠦᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠣᠷᠣᠯᠠᠭᠴᠢ ᠳᠠᠷᠤᠭ᠎ᠠ ᠵᠣᠣ | ᠯᠢᠶᠠᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ᠂ | ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠣᠯᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠨᠥᠬᠦᠳ ᠬᠤᠷᠠᠯ ᠳᠤ ᠰᠤᠯᠠ ᠣᠷᠣᠯᠴᠠᠪᠠ᠃ |