【ᠬᠤᠶᠠᠷ ᠬᠤᠷᠠᠯ】ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/7
     1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠣᠳᠠᠭᠠᠨ ᠤ ᠬᠤᠷᠠᠯ ᠬᠤᠷᠠᠯᠳᠤᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠪᠡ᠃      ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 35 ᠬᠥᠮᠦᠨ᠂ ᠲᠤᠰ ᠣᠳᠠᠭᠠᠨ ᠤ ᠬᠤᠷᠠᠯ ᠳᠤ 34 ᠬᠥᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠨᠡᠷᠡᠰ ᠢ ᠪᠠᠲᠤᠯᠠᠪᠠ᠃ ᠵᠧᠦ ᠶᠢᠨ ᠰᠢᠩ᠂ ᠼᠦᠢ ᠵᠢᠩ ᠶᠢᠩ᠂ ᠹᠧᠩ ᠰᠢᠤᠸᠠᠢ ᠲᠤᠤ᠂ ᠯᠢ ᠠᠩ᠂ ᠪᠠᠢ ᠬᠠᠢ ᠿᠦᠩ᠂ ᠸᠠᠩ ᠶᠢᠨ᠂ ᠸᠧᠢ ᠠᠢ ᠯᠢᠨ᠂ ᠴᠡᠩᠬᠡᠯ᠂ ᠰᠦᠩ ᠶᠤᠸᠠᠢ ᠰᠢᠶᠠ᠂ ᠿᠧᠨ ᠵᠢᠢ ᠬᠤᠸᠠ᠂ ᠲᠢᠶᠠᠨ ᠵᠦ ᠶᠦᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠪᠠᠷ ᠰᠣᠩᠭᠤᠭᠳᠠᠪᠠ᠃      ᠬᠤᠷᠠᠯ ᠠᠴᠠ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠶᠢᠨ ᠨᠡᠷᠡᠰ ᠢ ᠪᠠᠲᠤᠯᠠᠪᠠ︔ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠰᠠᠨᠠᠯ ᠵᠦᠪᠯᠡᠯᠭᠡ ᠶᠢᠨ ᠡᠴᠦᠰ ᠤᠨ ᠴᠠᠭ ᠵᠢᠴᠢ ᠰᠠᠨᠠᠯ ᠵᠦᠪᠯᠡᠯᠭᠡ ᠶᠢ ᠪᠠᠲᠤᠯᠠᠬᠤ ᠠᠷᠭ᠎ᠠ ᠶᠢ ᠲᠣᠭᠲᠠᠭᠠᠵᠤ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠴᠠᠭ ᠤᠨ ᠬᠢᠵᠠᠭᠠᠷ ᠨᠢ 2025 ᠣᠨ ᠤ 1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨᠠᠬᠢ 6 ᠴᠠᠭ ᠪᠣᠯᠤᠨ᠎ᠠ︔ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶ ᠶᠢ ᠪᠠᠲᠤᠯᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠪᠠ︔ ᠲᠡᠷᠢᠭᠦᠯᠡᠭᠴᠢᠳ ᠤᠨ ᠪᠦᠯᠬᠦᠮ ᠤᠨ ᠳᠤᠷᠠᠳᠤᠭᠰᠠᠨ ᠡᠯ᠎ᠡ ᠵᠦᠢᠯ ᠤᠨ ᠵᠢᠱᠢᠭᠳᠡᠭᠴᠢ ᠶᠢᠨ ᠨᠡᠷᠡᠰ ︵ᠲᠥᠰᠦᠯ︶ ᠢ ᠪᠠᠲᠤᠯᠠᠵᠤ᠂ ᠪᠦᠬᠦ ᠲᠥᠯᠥᠭᠡᠯᠡᠭᠴᠢᠳ ᠲᠤ ᠳᠡᠪᠰᠢᠭᠦᠯᠦᠨ ᠶᠠᠷᠢᠯᠴᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号