1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠦᠬᠠᠢ ᠬᠤᠳᠠ ᠶᠢᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ | ᠪᠡᠯᠡᠳᠬᠡᠯ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠪᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠿᠦᠩ᠂ | ᠸᠠᠩ ᠶᠢᠨ᠂ ᠸᠧᠶ ᠠᠶ ᠯᠢᠨ᠂ ᠴᠡᠩᠬᠡᠯ᠂ ᠰᠥᠩ ᠶᠤᠸᠠᠢ ᠰᠢᠶᠠ᠂ ᠿᠧᠨ ᠵᠢᠶ ᠬᠤᠸᠠ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠪᠠ᠃ | ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠣᠳᠠᠭᠠᠨ ᠤ ᠬᠤᠷᠠᠯ ᠤᠨ ᠤᠳᠤ ᠪᠠᠶᠢᠭ᠎ᠠ ᠲᠥᠯᠥᠭᠡᠯᠡᠭᠴᠢ 242 ᠬᠥᠮᠦᠨ᠂ ᠪᠡᠯᠡᠳᠬᠡᠯ ᠬᠤᠷᠠᠯ ᠳᠤ | ᠣᠷᠣᠯᠴᠠᠭᠰᠠᠨ ᠲᠥᠯᠥᠭᠡᠯᠡᠭᠴᠢ 221 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠬᠤᠷᠠᠯ ᠠᠴᠠ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠵᠥᠪᠯᠡᠬᠦ ᠵᠦᠢᠯᠡᠰ ᠢ ᠪᠠᠲᠤᠯᠠᠪᠠ︔ ᠦᠬᠠᠢ ᠬᠤᠳᠠ ᠶᠢᠨ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ | ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠢ ᠪᠠᠲᠤᠯᠠᠪᠠ︔ ᠦᠬᠠᠢ | ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠣᠳᠠᠭᠠᠨ ᠤ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠨᠡᠷᠡᠰ ᠢ | ᠪᠠᠲᠤᠯᠠᠪᠠ᠃ | ᠹᠧᠩ ᠰᠢᠤᠸᠠᠢ ᠲᠤᠤ ᠬᠡᠯᠡᠭᠰᠡᠨ ᠨᠢ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠢᠭᠡ ᠭᠤᠣᠯ ᠰᠢᠵᠢᠮ ᠢ | ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾ ᠠᠵᠢᠯ ᠤᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ | ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠬᠤ ᠨᠢᠭᠡ | ᠣᠳᠠᠭᠠᠨ ᠤ ᠴᠢᠬᠤᠯᠠ ᠬᠤᠷᠠᠯ ᠪᠣᠯᠤᠨ᠎ᠠ᠃ ᠲᠥᠯᠥᠭᠡᠯᠡᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠪᠠᠷ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠰᠠᠶᠢᠲᠤᠷ ᠭᠦᠢᠴᠡᠳᠬᠡᠵᠦ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠠ ᠲᠤᠰ ᠣᠳᠠᠭᠠᠨ ᠤ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠬᠠᠤᠯᠢ ᠪᠠᠷ | ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠶᠢᠨ ᠬᠦᠰᠡᠯ ᠡᠷᠡᠮᠡᠯᠵᠡᠯ ᠪᠣᠯᠭᠠᠨ ᠬᠤᠪᠢᠷᠠᠭᠤᠯᠬᠤ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ᠂ ᠤᠯᠠᠨ | ᠲᠦᠮᠡᠨ ᠤ ᠬᠦᠰᠡᠯ ᠡᠷᠡᠮᠡᠯᠵᠡᠯ ᠤᠨ ᠲᠣᠭᠤᠷᠢᠨ ᠳᠤ᠂ ᠡᠯ᠎ᠡ ᠵᠦᠢᠯ ᠤᠨ ᠢᠯᠡᠳᠭᠡᠯ ︵ᠮᠡᠳᠡᠭᠦᠯᠦᠯᠲᠡ︶ ᠢ ᠨᠠᠷᠢᠨ | ᠬᠢᠨᠠᠮᠠᠭᠠᠢ ᠬᠢᠨᠠᠨ ᠵᠥᠪᠯᠡᠵᠦ᠂ ᠪᠣᠳᠠᠲᠠᠢ ᠶᠢ ᠡᠷᠬᠢᠮᠯᠡᠭᠰᠡᠨ ᠦᠭᠡ ᠲᠡᠪᠰᠢᠬᠦᠯᠵᠦ᠂ ᠬᠥᠭᠵᠢᠯᠲᠡ ᠶᠢᠨ ᠰᠠᠶᠢᠨ ᠠᠷᠭ᠎ᠠ | ᠪᠤᠳᠤᠯᠭ᠎ᠠ ᠰᠦᠪᠡᠭᠴᠢᠯᠡᠵᠦ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠮᠠᠨ ᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡᠯᠡᠯ ᠪᠣᠯᠤᠨ | ᠬᠠᠶᠢᠷ᠎ᠠ ᠰᠡᠳᠬᠢᠯᠭᠡ ᠪᠠᠨ ᠢᠯᠡᠷᠡᠭᠦᠯᠵᠦ᠂ ᠪᠦᠬᠦ ᠬᠤᠳᠠ ᠶᠢᠨ ᠠᠷᠠᠳ ᠲᠦᠮᠡᠨ ᠤ ᠬᠠᠮᠲᠤ ᠪᠠᠷ ᠲᠡᠮᠡᠴᠡᠬᠦ ᠤᠶᠤᠨ | ᠤᠬᠠᠭᠠᠨ ᠪᠣᠯᠤᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ | ᠪᠠᠲᠤ ᠶᠢ ᠲᠥᠪ ᠴᠢᠩᠭ᠎ᠠ ᠪᠠᠶᠢᠯᠭᠠᠬᠤ ᠶᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ᠂ | ᠲᠥᠯᠥᠭᠡᠯᠡᠭᠴᠢᠳ ᠤᠨ ᠰᠠᠶᠢᠨ ᠰᠠᠶᠢᠬᠠᠨ ᠲᠦᠷᠢ ᠲᠥᠷᠬᠦ ᠪᠠᠨ ᠢᠯᠡᠷᠡᠭᠦᠯᠬᠦ ᠪᠠ ᠲᠤᠰ ᠪᠡᠶ᠎ᠡ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢᠶᠠᠨ ᠰᠢᠯᠭᠠᠬᠤ ᠪᠣᠳᠠᠲᠠᠢ ᠢᠯᠡᠷᠡᠯ ᠪᠣᠯᠭᠠᠵᠤ᠂ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠷᠠᠯ ᠵᠢᠴᠢ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠤᠬᠢᠷᠠᠭᠤᠯᠤᠯᠳᠠ ᠶᠢ ᠤᠬᠠᠮᠰᠠᠷ ᠠᠴᠠ ᠪᠠᠨ ᠲᠠᠭᠠᠵᠤ᠂ | ᠲᠥᠪ ᠴᠢᠩᠭ᠎ᠠ ᠰᠠᠬᠢᠯᠭ᠎ᠠ ᠪᠠᠲᠤ᠂ ᠲᠦᠪ ᠴᠢᠩᠭ᠎ᠠ ᠬᠤᠷᠠᠯ ᠤᠨ ᠰᠤᠷᠲᠠᠯ᠂ ᠲᠥᠪ ᠴᠢᠩᠭ᠎ᠠ ᠣᠪᠣᠷ ᠢᠶᠠᠷ ᠡᠯ᠎ᠡ | ᠵᠦᠢᠯ ᠤᠨ ᠬᠤᠷᠠᠯ ᠤᠨ ᠠᠵᠢᠯᠯᠠᠭ᠎ᠠ ᠳᠤ ᠣᠷᠣᠯᠴᠠᠵᠤ᠂ ᠰᠤᠷᠲᠠᠯ ᠴᠢᠬᠡᠴᠢ ᠣᠪᠣᠷ ᠲᠥᠪ ᠬᠤᠷᠠᠯ ᠤᠨ ᠠᠭᠤᠷ | ᠠᠮᠢᠰᠬᠤᠯ ᠢ ᠦᠨᠡᠨ ᠬᠦ ᠪᠤᠢ ᠪᠣᠯᠭᠠᠵᠤ᠂ ᠡᠨᠡ ᠣᠳᠠᠭᠠᠨ ᠤ ᠬᠤᠷᠠᠯ ᠢ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ | ᠠᠷᠠᠳᠴᠢᠯᠠᠯ ᠪᠦᠯᠬᠦᠮᠳᠡᠯ ᠲᠠᠢ᠂ ᠬᠥᠮᠦᠰ ᠢ ᠵᠣᠷᠢᠭᠵᠢᠭᠤᠯᠤᠭᠰᠠᠨ᠂ ᠪᠣᠳᠠᠲᠠᠢ ᠶᠢ ᠡᠷᠬᠢᠮᠯᠡᠭᠰᠡᠨ ᠶᠡᠭᠡ ᠬᠤᠷᠠᠯ ᠪᠣᠯᠭᠠᠨ | ᠬᠤᠷᠠᠯᠳᠤᠭᠤᠯᠬᠤ ᠬᠡᠷᠡᠭᠲᠡᠢ ᠭᠡᠵᠡᠢ᠃ | ᠪᠡᠯᠡᠳᠬᠡᠯ ᠬᠤᠷᠠᠯ ᠲᠡᠭᠦᠰᠦᠭᠰᠡᠨ ᠤ ᠳᠠᠷᠠᠭ᠎ᠠ᠂ ᠲᠥᠯᠥᠭᠡᠯᠡᠭᠴᠢᠳ ᠦᠬᠠᠢ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠤᠨ ᠠᠵᠢᠯ ᠤᠨ ᠪᠣᠳᠠᠲᠤ ᠲᠡᠮᠳᠡᠭᠯᠡᠯ ᠤᠨ ᠹᠢᠯᠢᠮ ᠢ ᠦᠵᠡᠵᠦ᠂ ︽ᠤᠶᠤᠨᠲᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ︾ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠲᠠᠪᠴᠠᠩ ᠤᠨ ᠠᠵᠢᠯᠯᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ᠃ |