【ᠬᠤᠶᠠᠷ ᠬᠤᠷᠠᠯ】ᠬᠤᠲᠠ ᠶᠢᠨ ᠤᠳᠤᠷᠢᠳᠤᠯᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠵᠦ ᠦᠵᠡᠪᠡ  ᠵᠧᠤ ᠶᠢᠨ ᠰᠢᠩ  ᠼᠦᠢ ᠵᠢᠩ ᠶᠢᠩ  ᠹᠧᠩ ᠰᠢᠤᠸᠠᠢ ᠲᠤᠤ  ᠯᠢ ᠴᠦᠨ ᠰᠢᠶᠤᠤ ᠣᠷᠣᠯᠴᠠᠪᠡ
ᠨᠡᠶᠢᠲᠡᠯᠡᠭᠰᠡᠨ ᠴᠠᠭ᠄
2025/1/7
     1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠲᠣᠰ ᠲᠣᠰ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠢ ᠪᠣᠯᠭᠤᠭᠠᠨ ᠦᠵᠡᠪᠡ᠃ ᠬᠤᠳᠠ ᠶᠢᠨ ᠤᠳᠤᠷᠢᠳᠤᠯᠭ᠎ᠠ ᠯᠢ ᠠᠩ᠂ ᠶᠠᠨ ᠱᠤᠸᠠᠩ᠂ ᠪᠠᠢ ᠬᠠᠢ ᠿᠦᠩ᠂ ᠹᠦ᠋ ᠲᠢᠩ ᠯᠢᠨ ᠣᠷᠣᠯᠴᠠᠪᠠ᠃      ᠵᠧᠦ ᠶᠢᠨ ᠰᠢᠩ ᠨᠡᠷ ᠡᠯ᠎ᠡ ᠲᠥᠯᠥᠭᠡᠯᠡᠭᠴᠢᠳ ᠤᠨ ᠪᠦᠯᠬᠦᠮ ᠪᠣᠯᠤᠨ ᠭᠡᠰᠢᠭᠦᠳ ᠤᠨ ᠰᠠᠭᠤᠭ᠎ᠠ ᠭᠠᠵᠠᠷ ᠲᠤ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠵᠤ᠂ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠤᠯᠠᠨ ᠤ ᠥᠩᠭᠡᠷᠡᠭᠰᠡᠨ ᠨᠢᠭᠡ ᠵᠢᠯ ᠳᠤ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠧᠦ ᠶᠢᠨ ᠰᠢᠩ ᠬᠡᠯᠡᠭᠰᠡᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠢᠯ ᠮᠥᠨ᠂ ᠲᠣᠰ ᠤᠳᠠᠭᠠᠨ ᠤ ᠬᠤᠲᠠ ᠶᠢᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠲᠦᠢᠯ ᠤᠨ ᠴᠢᠬᠤᠯᠠ ᠶᠤᠮ᠃ ᠲᠥᠯᠥᠭᠡᠯᠡᠭᠴᠢᠳ᠂ ᠭᠡᠰᠢᠭᠦᠳ ᠡᠯ᠎ᠡ ᠠᠵᠢᠯ ᠲᠦᠷᠦᠯ ᠠᠴᠠ ᠢᠷᠡᠵᠦ᠂ ᠪᠦᠬᠦ ᠬᠤᠳᠠ ᠶᠢᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠤᠯᠠᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠩ ᠤᠯᠠᠨ ᠥᠨᠳᠥᠷ ᠲᠦᠪᠰᠢᠨ ᠲᠠᠢ᠂ ᠴᠢᠨᠠᠷ ᠰᠠᠶᠢᠲᠠᠢ ᠰᠠᠨᠠᠯ ᠵᠦᠪᠯᠡᠯᠭᠡ ᠪᠣᠯᠤᠨ ᠰᠠᠨᠠᠯ ᠲᠤᠷᠠᠳᠣᠯᠭ᠎ᠠ ᠳᠤᠷᠠᠳᠴᠤ᠂ ᠦᠬᠠᠢ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠠᠷᠠᠳᠴᠢᠯᠠᠯ ᠤᠨ ᠡᠷᠬᠡ ᠪᠠᠨ ᠵᠥᠪ ᠢᠶᠠᠷ ᠬᠡᠷᠡᠭᠵᠢᠭᠦᠯᠵᠦ᠂ ᠶᠡᠭᠡ ᠬᠤᠷᠠᠯ ᠤᠨ ᠤᠷᠢᠳᠴᠢᠯᠠᠨ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠠᠮᠲᠤᠪᠠᠷ ᠬᠤᠳᠠ ᠶᠢᠨ ᠬᠤᠶᠠᠷ ᠬᠤᠷᠠᠯ ᠢ ᠪᠦᠯᠬᠦᠮᠳᠡᠭᠰᠡᠨ᠂ ᠠᠷᠠᠳᠴᠢᠯᠠᠯ ᠲᠠᠢ᠂ ᠪᠣᠳᠠᠲᠠᠢ ᠶᠢ ᠡᠷᠬᠢᠮᠯᠡᠭᠰᠡᠨ᠂ ᠡᠷᠡᠯᠬᠡᠭᠯᠡᠨ ᠤᠷᠤᠭᠰᠢᠯᠠᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠢ ᠭᠡᠵᠡᠢ᠃      ᠲᠥᠯᠥᠭᠡᠯᠡᠭᠴᠢᠳ ᠪᠠ ᠭᠡᠰᠢᠭᠦᠳ ᠢᠯᠡᠷᠭᠡᠶᠢᠯᠡᠵᠡᠭᠡᠭᠰᠡᠨ ᠨᠢ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠰᠠᠶᠢᠲᠤᠷ ᠭᠦᠢᠴᠡᠳᠬᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠠᠩᠬᠠᠷᠴᠤ ᠪᠠᠶᠢᠭ᠎ᠠ ᠪᠠ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号