【ᠬᠤᠶᠠᠷ ᠬᠤᠷᠠᠯ】ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠡᠬᠢᠯᠡᠪᠡ  ᠵᠧᠤ ᠶᠢᠨ ᠰᠢᠩ  ᠼᠦᠢ ᠵᠢᠩ ᠶᠢᠩ  ᠹᠧᠩ ᠰᠢᠤᠸᠠᠢ ᠲᠤᠤ ᠬᠤᠷᠠᠯ ᠳᠤ ᠣᠷᠣᠯᠴᠠᠨ ᠪᠠᠶᠠᠷ ᠬᠦᠷᠭᠡᠵᠦ  ᠯᠢ ᠴᠦᠨ ᠰᠢᠶᠤᠤ ᠬᠤᠷᠠᠯ ᠳᠤ ᠣᠷᠣᠯᠴᠠᠪᠡ
ᠨᠡᠶᠢᠲᠡᠯᠡᠭᠰᠡᠨ ᠴᠠᠭ᠄
2025/1/7

     1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠦᠷᠦ ᠶᠢᠨ ᠵᠥᠪᠯᠡᠯᠭᠡᠨ ᠤ ᠦᠬᠠᠢ

ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠡᠬᠢᠯᠡᠪᠡ᠃ ︵ᠱᠢ ᠯᠢ

ᠽᠧᠩ   ᠭᠤᠤ ᠿᠦᠢ ᠫᠧᠩ ᠰᠡᠭᠦᠳᠡᠷᠯᠡᠪᠡ︶

     1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠦᠬᠠᠶ

ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠡᠬᠢᠯᠡᠪᠡ᠃

     ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂

ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ

ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠠᠨ ᠱᠤᠸᠠᠩ᠂ ᠳᠡᠳ᠋

ᠲᠡᠷᠢᠭᠦᠯᠡᠭᠴᠢ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ ᠭᠠᠩ᠂ ᠵᠠᠩ ᠬᠤᠩ ᠪᠢᠨ᠂ ᠱᠣᠤ ᠵᠧᠩ ᠸᠧᠨ᠂ ᠯᠢ

ᠾᠦᠢ ᠫᠢᠩ᠂ ᠭᠦᠸᠧ ᠴᠠᠩ ᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠬᠦᠨ ᠯᠢ ᠾᠧ ᠫᠢᠩ᠂ ᠯᠢᠦ ᠴᠠᠩ ᠾᠦᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ

ᠮᠥᠷ ᠲᠤ ᠰᠠᠭᠠᠲᠠᠪᠠ᠃

     ᠬᠤᠲᠠ ᠶᠢᠨ ᠤᠳᠤᠷᠢᠳᠤᠯᠭ᠎ᠠ ᠵᠧᠦ ᠶᠢᠨ ᠰᠢᠩ᠂ ᠼᠦᠢ ᠵᠢᠩ ᠶᠢᠩ᠂ ᠹᠧᠩ ᠰᠢᠤᠸᠠᠢ ᠲᠤᠤ᠂ ᠯᠢ ᠠᠩ᠂ ᠶᠠᠨ

ᠳ᠋ᠦᠩ᠂ ᠯᠢ ᠳ᠋ᠦᠩ᠂ ᠮᠧᠩ ᠫᠸᠢ ᠶᠦᠨ᠂ ᠭᠦᠸᠧ ᠢ ᠵᠢᠶᠧ᠂ ᠿᠤᠤ ᠴᠥᠩ ᠱᠦ᠂ ᠸᠠᠩ ᠶᠦᠨ ᠾᠧᠩ ᠬᠤᠷᠠᠯ ᠳᠤ

ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃

     ᠦ᠋ ᠶᠧ ᠸᠧᠨ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃

     ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ

ᠭᠡᠰᠢᠭᠦᠨ ᠨᠡᠶᠢᠲᠡ 186 ᠬᠥᠮᠦᠨ᠂ ᠡᠬᠢᠯᠡᠯᠲᠡ ᠶᠢᠨ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 173 ᠬᠥᠮᠦᠨ᠂

ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃

     ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ

ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠵᠥᠪᠯᠡᠬᠦ ᠵᠦᠢᠯᠡᠰ ᠢ ᠬᠢᠨᠠᠨ

ᠵᠥᠪᠯᠡᠵᠦ ᠪᠠᠲᠤᠯᠠᠪᠠ᠃

     ᠹᠦ᠋ ᠲᠢᠩ ᠯᠢᠨ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ

ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠭᠡᠯ ᠬᠢᠪᠡ᠃ ᠢᠯᠡᠳᠭᠡᠯ ᠳᠤ ᠵᠢᠭᠠᠵᠤ

ᠭᠠᠷᠭᠠᠭᠰᠠᠨ ᠨᠢ᠂ 2024 ᠣᠨ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ

ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ

ᠶᠠᠪᠤᠳᠠᠯ ᠢ ᠰᠠᠶᠢᠲᠤᠷ ᠪᠡᠶᠡᠯᠡᠬᠦᠯᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ

ᠳᠤᠮᠳᠠ ᠲᠦᠪᠰᠢᠨ ᠳᠤ ᠣᠷᠣᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠷᠪᠠᠨ ᠬᠤᠶᠠᠷ

ᠵᠦᠢᠯ ᠤᠨ ᠭᠤᠤᠯᠳᠠᠯᠭ᠎ᠠ ᠲᠠᠢ ᠠᠵᠢᠯ︾ ᠢ ᠳᠡᠮᠵᠢᠵᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂

ᠵᠥᠪᠳᠡᠯᠴᠡᠬᠦ ᠪᠠᠷ ᠬᠥᠭᠵᠢᠯᠲᠡ ᠶᠢ ᠠᠬᠢᠭᠤᠯᠵᠤ᠂ ᠪᠦᠯᠬᠦᠮᠳᠡᠯ ᠢᠶᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂

ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠨᠢᠭᠲᠠᠷᠠᠭᠤᠯᠵᠤ᠂ ᠪᠣᠳᠠᠲᠠᠶ ᠠᠵᠢᠯᠯᠠᠬᠤ ᠪᠠᠷ ᠴᠢᠨᠠᠷ ᠴᠢᠨᠰᠠᠭ᠎ᠠ

ᠦᠷ᠎ᠡ ᠪᠦᠲᠦᠮᠵᠢ ᠪᠠᠨ ᠢᠳᠡᠪᠬᠢᠲᠡᠶ ᠳᠡᠭᠡᠭᠰᠢᠯᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ

ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ

ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠰᠢᠨ᠎ᠡ ᠦᠷ᠎ᠡ ᠪᠦᠲᠦᠮᠵᠢ ᠤᠯᠪᠠ

ᠭᠡᠵᠡᠢ᠃

     ᠢᠯᠡᠳᠬᠡᠯ ᠳᠤ ᠲᠠᠪᠤᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠬᠤᠲᠠ ᠶᠢᠨ ᠤᠯᠤᠰ ᠲᠥᠷᠥ ᠶᠢᠨ

ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠢᠶᠠᠨ ᠡᠷᠭᠢᠴᠡᠭᠦᠯᠦᠨ ᠳ᠋ᠦᠩᠨᠡᠪᠡ᠃ ᠨᠢᠭᠡ ᠵᠢᠯ ᠤᠨ ᠲᠤᠷᠰᠢ᠂

ᠪᠠᠶᠢᠩᠭᠤ ᠶᠢᠨ ᠬᠤᠷᠢᠶ᠎ᠠ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ

ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠳᠤᠮᠳᠠ ᠦᠵᠡᠯ ᠰᠠᠨᠠᠭ᠎ᠠ ᠪᠠᠨ ᠨᠢᠭᠡᠳᠬᠡᠵᠦ᠂

ᠴᠢᠭᠯᠡᠯ ᠢᠶᠠᠨ ᠲᠣᠳᠣᠷᠬᠠᠶ ᠪᠣᠯᠭᠠᠪᠠ︔ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠬᠦ ᠶᠢ

ᠪᠠᠷᠢᠮᠲᠠᠯᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠳᠤᠮᠳᠠ ᠤᠭ ᠰᠠᠨᠠᠭ᠎ᠠ ᠪᠠᠨ

ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠲᠤ ᠡᠭᠦᠷᠭᠡᠯᠡᠪᠡ︔ ᠦᠨᠡᠨᠴᠢ ᠪᠠᠷ ᠬᠠᠨᠳᠤᠵᠤ᠂ ᠠᠭᠤᠰᠤᠯᠴᠠᠨ

ᠬᠠᠮᠲᠤ ᠪᠠᠷ ᠤᠷᠤᠭᠰᠢᠯᠠᠬᠤ ᠶᠢ ᠪᠠᠷᠢᠮᠲᠠᠯᠠᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠪᠠᠬᠢᠵᠢᠭᠦᠯᠬᠦ ᠳᠤᠮᠳᠠ ᠠᠷᠠᠳ ᠤᠨ

ᠰᠡᠳᠬᠢᠯ ᠢ ᠨᠢᠭᠲᠠᠷᠠᠭᠤᠯᠤᠨ᠂ ᠬᠠᠮᠲᠤᠷᠠᠯ ᠬᠦᠴᠦᠨ ᠢ ᠨᠢᠭᠲᠠᠷᠠᠭᠤᠯᠪᠠ︔ ᠴᠠᠭ ᠦᠶ᠎ᠡ ᠲᠠᠢ ᠵᠡᠷᠭᠡ ᠪᠠᠷ

ᠤᠷᠤᠭᠰᠢᠯᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ

ᠭᠦᠨᠵᠡᠭᠡᠶᠢᠷᠡᠭᠦᠯᠬᠦ ᠳᠤᠮᠳᠠ ᠦᠷ᠎ᠡ ᠪᠦᠲᠦᠮᠵᠢ ᠪᠠᠨ ᠨᠡᠮᠡᠭᠳᠡᠭᠦᠯᠦᠨ᠂ ᠰᠢᠨ᠎ᠡ ᠪᠠᠶᠢᠳᠠᠯ ᠢ ᠨᠡᠭᠡᠭᠡᠪᠡ︔ ᠰᠠᠭᠤᠷᠢ ᠶᠢ

ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ

ᠨᠡᠮᠡᠭᠳᠡᠭᠦᠯᠬᠦ ᠶᠢ ᠪᠠᠷᠢᠮᠲᠠᠯᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠳᠤᠮᠳᠠ ᠠᠮᠢᠵᠢᠷᠠᠯ ᠤᠨ

ᠬᠦᠴᠦᠨ ᠢ ᠬᠥᠭᠵᠢᠭᠡᠵᠦ᠂ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠪᠡ᠃

     ᠢᠯᠡᠳᠬᠡᠯ ᠳᠤ ᠵᠢᠭᠠᠵᠤ ᠭᠠᠷᠭᠠᠭᠰᠠᠨ ᠨᠢ᠂ ᠠᠮᠵᠢᠯᠲᠠ ᠪᠦᠲᠦᠮᠵᠢ ᠣᠯᠤᠭᠰᠠᠨ ᠨᠢ ᠥᠪᠡᠷᠲᠡᠭᠡᠨ ᠵᠠᠰᠠᠬᠤ

ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠵᠢᠯᠣᠭᠤᠳᠣᠭᠰᠠᠨ ᠤ ᠦᠷ᠎ᠡ ᠳ᠋ᠦᠩ ᠮᠥᠨ᠂ ᠬᠤᠲᠠ ᠶᠢᠨ

ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠲᠠ ᠶᠢᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠦᠴᠦᠲᠡᠶ

ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠡᠰᠢᠬᠦᠳ᠂ ᠤᠯᠤᠰ ᠲᠥᠷᠥ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ

ᠨᠢᠭᠡᠴᠡ ᠶᠢᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ᠂

ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠦᠴᠦᠲᠡᠶ ᠬᠠᠪᠰᠤᠷᠤᠯᠭ᠎ᠠ ᠶᠢᠨ ᠦᠷ᠎ᠡ ᠳ᠋ᠦᠩ ᠮᠥᠨ ᠭᠡᠵᠡᠢ᠃

     ᠢᠯᠡᠳᠬᠡᠯ ᠳᠤ ᠴᠢᠬᠤᠯᠠᠴᠢᠯᠠᠭᠰᠠᠨ ᠨᠢ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠡᠴᠦᠰ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ

ᠰᠦᠪᠡᠭᠴᠢᠯᠡᠬᠦ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ

ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ

ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ

ᠬᠤᠯᠪᠣᠭᠳᠠᠯ ᠲᠠᠢ ᠶᠤᠮ᠃ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ︽ᠨᠢᠭᠡ ᠭᠤᠣᠯ

ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠮᠣᠩᠭᠤᠯ ᠮᠣᠷᠢᠨ ᠤ ᠵᠣᠷᠢᠭ

ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾ ᠠᠵᠢᠯ ᠤᠨ ᠱᠠᠭᠠᠷᠳᠠᠯᠭ᠎ᠠ

ᠶᠣᠰᠣᠭᠠᠷ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠤᠯᠤᠰ ᠲᠥᠷᠦ ᠶᠢᠨ ᠵᠥᠪᠯᠡᠯᠭᠡ ᠬᠢᠬᠦ᠂

ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠦ ᠶᠢᠨ ᠶᠠᠪᠤᠳᠠᠯ ᠳᠤ ᠣᠷᠣᠯᠴᠠᠨ ᠲᠥᠷᠦ ᠶᠢᠨ ᠶᠠᠪᠤᠳᠠᠯ ᠢ ᠵᠥᠪᠯᠡᠬᠦ

ᠡᠭᠦᠷᠭᠡ ᠴᠢᠳᠠᠪᠤᠷᠢ ᠪᠠᠨ ᠦᠨᠡᠨ ᠬᠦ ᠭᠦᠢᠴᠡᠳᠬᠡᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ

ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ

ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠠᠵᠢᠯ ᠢᠶᠠᠨ

ᠨᠠᠩ ᠬᠡᠷᠡᠭᠴᠡᠭᠡ ᠲᠠᠢ ᠪᠣᠯᠭᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠪᠦᠯᠬᠦᠮᠳᠡᠯ ᠢ ᠨᠠᠩ ᠬᠦᠴᠦᠲᠡᠶ

ᠪᠣᠯᠭᠠᠬᠤ ᠶᠢ ᠠᠬᠢᠭᠤᠯᠵᠤ᠂ ᠮᠠᠨ ᠤ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ

ᠬᠤᠪᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠬᠦ ᠳᠤ ᠨᠠᠩ ᠣᠯᠠᠨ ᠤᠯᠤᠰ ᠲᠥᠷᠦ ᠶᠢᠨ ᠵᠥᠪᠯᠡᠯᠭᠡᠨ ᠤ ᠣᠶᠤᠨ

ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠠ᠃ ᠲᠠᠪᠤᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄

ᠨᠢᠭᠡ ᠳᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠪᠠᠨ ᠬᠦᠴᠦᠯᠡᠨ ᠴᠢᠩᠭᠠᠳᠬᠠᠵᠤ᠂ ᠪᠦᠯᠬᠦᠮᠳᠡᠨ

ᠲᠡᠮᠡᠴᠡᠭᠰᠡᠨ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠠᠨ ᠪᠠᠬᠢᠵᠢᠭᠦᠯᠬᠦ ᠳᠤ ᠨᠡᠩ ᠬᠦᠴᠦᠲᠡᠢ

ᠪᠤᠯᠭᠠᠨ᠎ᠠ᠃ ᠬᠤᠶᠠᠷ ᠲᠤ᠂ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠬᠤ ᠶᠠᠰᠤ ᠴᠢᠨᠠᠷ ᠢᠶᠠᠨ

ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠦᠢᠯᠡᠳᠦᠯᠭᠡ ᠶᠢ

ᠠᠬᠢᠭᠤᠯᠬᠤ ᠲᠠᠯ᠎ᠠ ᠪᠠᠷ ᠨᠠᠩ ᠪᠣᠳᠠᠲᠤ ᠦᠷ᠎ᠡ ᠪᠦᠲᠦᠮᠵᠢ ᠣᠯᠣᠨ᠎ᠠ᠃ ᠭᠤᠷᠪᠠ ᠳᠤ᠂ ᠬᠠᠮᠲᠤ ᠶᠢᠨ ᠲᠠᠨᠢᠯᠲᠠ ᠶᠢ

ᠨᠢᠭᠲᠠᠷᠠᠭᠤᠯᠬᠤ ᠥᠷᠭᠡᠴᠡ ᠪᠠᠨ ᠬᠦᠴᠦᠯᠡᠨ ᠥᠷᠭᠡᠳᠬᠡᠵᠦ᠂ ᠭᠠᠷ ᠬᠤᠯᠪᠣᠨ ᠪᠦᠯᠬᠦᠮᠳᠡᠨ ᠲᠡᠮᠡᠴᠡᠬᠦ ᠬᠠᠮᠤᠭ ᠤᠨ

ᠶᠡᠭᠡ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠬᠤ ᠲᠠᠯ᠎ᠠ ᠪᠠᠷ ᠨᠡᠩ ᠵᠢᠳᠬᠦᠯ ᠴᠢᠷᠮᠠᠶᠢᠯᠭ᠎ᠠ ᠭᠠᠷᠭᠠᠨ᠎ᠠ᠃

ᠲᠦᠷᠪᠡ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠷᠢᠮ ᠲᠣᠭᠲᠠᠴᠠ ᠪᠠᠨ ᠬᠦᠴᠦᠯᠡᠨ ᠲᠡᠭᠦᠯᠳᠡᠷᠵᠢᠭᠦᠯᠵᠦ᠂

ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ

ᠲᠠᠯ᠎ᠠ ᠪᠠᠷ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠲᠠᠪᠤ ᠳᠤ᠂ ᠤᠯᠤᠰ ᠲᠦᠷᠦ ᠶᠢᠨ ᠵᠥᠪᠯᠡᠯᠭᠡᠨ ᠤ ᠲᠤᠰ

ᠪᠡᠶ᠎ᠡ ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠰᠢᠨ᠎ᠡ

ᠴᠠᠭ ᠦᠶ᠎ᠡ ᠳᠤ ᠭᠠᠪᠢᠶ᠎ᠠ ᠪᠠᠶᠢᠭᠤᠯᠬᠤ ᠲᠠᠯ᠎ᠠ ᠪᠠᠷ ᠨᠡᠩ ᠢᠯᠡᠭᠦᠦ ᠬᠠᠷᠢᠭᠤᠴᠠᠯᠭ᠎ᠠ ᠡᠭᠦᠷᠭᠡᠯᠡᠨ᠎ᠡ ᠭᠡᠵᠡᠢ᠃

     ᠢᠯᠡᠳᠭᠡᠯ ᠳᠤ ᠴᠢᠬᠤᠯᠠᠴᠢᠯᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ

ᠬᠤᠷᠢᠶ᠎ᠠ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂

ᠨᠢᠭᠡ ᠰᠡᠳᠬᠢᠯ ᠨᠢᠭᠡ ᠵᠣᠷᠢᠭ ᠢᠶᠠᠷ ᠦᠷᠭᠦᠯᠵᠢᠯᠡᠨ ᠲᠡᠮᠡᠴᠡᠵᠦ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂

ᠨᠠᠩ ᠪᠣᠳᠠᠲᠠᠶ ᠶᠢ ᠡᠷᠭᠢᠮᠯᠡᠭᠰᠡᠨ‌‍ᠰᠤᠷᠲᠠᠯ ᠢᠶᠠᠷ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ

ᠲᠠᠰᠤᠷᠠᠯᠲᠠ ᠥᠬᠡᠶ ᠨᠡᠭᠡᠭᠡᠵᠦ᠂ ᠮᠠᠨ ᠤ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ

ᠬᠤᠪᠢᠷᠠᠭᠤᠯᠬᠤ ᠶᠢ ᠠᠬᠢᠭᠤᠯᠬᠤ ᠳᠤ ᠬᠦᠴᠦᠯᠡᠨ ᠤᠷᠤᠭᠰᠢᠯᠠᠵᠤ᠂ ᠲᠦᠷᠭᠡᠳᠭᠡᠨ ᠬᠥᠭᠵᠢᠭᠦᠯᠵᠦ᠂ ᠦᠷ᠎ᠡ

ᠪᠦᠲᠦᠮᠵᠢ ᠪᠠᠨ ᠲᠡᠭᠡᠭᠰᠢᠯᠡᠬᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃

     ᠸᠠᠩ ᠰᠢᠶᠠᠨ ᠭᠠᠩ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ

ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ

ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ

ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃

     ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄

ᠪᠠᠢ ᠬᠠᠢ ᠿᠦᠩ᠂ ᠸᠠᠩ ᠶᠢᠨ᠂ ᠸᠧᠢ ᠠᠢ ᠯᠢᠨ᠂ ᠴᠡᠩᠬᠡᠯ᠂ ᠰᠦᠩ ᠶᠤᠸᠠᠢ ᠰᠢᠶᠠ᠂ ᠿᠧᠨ ᠵᠢᠢ ᠬᠤᠸᠠ᠂ ᠴᠢᠶᠣᠤ

ᠢᠦᠢ᠂ ᠸᠠᠩ ᠵᠢᠢ ᠫᠢᠩ᠂ ᠵᠠᠩ ᠮᠢᠩ ᠮᠢᠩ᠂ ᠭᠤᠤ ᠪᠥᠸᠧ᠂ ᠵᠠᠩ ᠸᠧᠢ᠂ ᠵᠠᠩ ᠶᠦᠩ᠂ ᠴᠧᠩ ᠵᠦᠩ ᠵᠦᠩ᠂ ᠵᠤᠤ

ᠯᠢᠶᠠᠩ᠂ ᠲᠢᠶᠠᠨ ᠴᠧᠩ ᠵᠢᠶᠦ᠋ᠨ᠂ ᠹᠠᠨ ᠴᠢᠤᠸᠠᠨ᠂ ᠴᠢᠶᠣᠤ ᠲᠢᠶᠠᠨ ᠹᠧᠩ᠂ ᠯᠢ ᠫᠢᠩ᠂ ᠵᠤᠤ ᠽᠢ ᠴᠧᠩ ᠨᠡᠷ ᠪᠤᠢ᠃

     ᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂

ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠪᠦᠷᠢ ᠶᠢᠨ ᠲᠡᠷᠢᠭᠦᠯᠡᠭᠴᠢ᠂ ᠡᠯ᠎ᠡ ᠠᠷᠠᠳᠴᠢᠯᠠᠭᠰᠠᠨ

ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠶᠡᠭᠡ

ᠬᠤᠷᠠᠯ ᠳᠤ ᠣᠷᠣᠯᠴᠠᠪᠠ᠃

     ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠬᠤᠲᠠ ᠳᠤ ᠰᠠᠭᠤᠭ᠎ᠠ

ᠬᠤᠯᠪᠣᠭᠳᠠᠯ ᠪᠥᠬᠦᠶ ᠨᠢᠭᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠶᠡᠭᠡ ᠬᠤᠷᠠᠯ ᠳᠤ

ᠰᠤᠯᠠ ᠣᠷᠣᠯᠴᠠᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号