1 ᠰᠠᠷᠠᠶᠢᠨ 7 ᠤ ᠡᠳᠦᠷ᠂ ᠦᠬᠠᠶ ᠬᠤᠲᠠᠶᠢᠨ ᠠᠷᠪᠠᠳᠤᠭᠠᠷ ᠬᠤᠭᠤᠴᠠᠭᠠᠨᠤ ᠠᠷᠠᠳᠤᠨ | ᠲᠥᠯᠥᠭᠡᠯᠡᠭᠴᠢᠳᠤᠨ ᠶᠡᠭᠡ ᠬᠤᠷᠠᠯᠤᠨ ᠲᠠᠪᠤᠳᠤᠭᠠᠷ ᠣᠳᠠᠭᠠᠨᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ | ᠳᠤᠭᠤᠶᠢᠯᠠᠩ ᠬᠤᠪᠢᠶᠠᠨ ᠵᠠᠰᠠᠭᠤᠨ ᠣᠷᠳᠣᠨᠤ ᠠᠵᠢᠯᠤᠨ ᠢᠯᠡᠳᠬᠡᠯᠢ ᠬᠢᠨᠠᠨ ᠵᠥᠪᠯᠡᠵᠦ᠂ ᠦᠬᠠᠶ ᠬᠤᠲᠠᠶᠢᠨ | 2024 ᠣᠨᠤ ᠤᠯᠤᠰ ᠠᠷᠠᠳᠤᠨ ᠠᠵᠤ ᠠᠬᠤᠶ ᠪᠠ ᠨᠡᠶᠢᠭᠡᠮᠤᠨ ᠬᠥᠭᠵᠢᠯᠲᠡᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨᠤ ᠤᠯᠤᠰ ᠠᠷᠠᠳᠤᠨ ᠠᠵᠤ ᠠᠬᠤᠶ ᠪᠠ ᠨᠡᠶᠢᠭᠡᠮᠤᠨ | ᠬᠥᠭᠵᠢᠯᠲᠡᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ᠂ ᠦᠬᠠᠶ ᠬᠤᠲᠠᠶᠢᠨ 2024 ᠣᠨᠤ ᠲᠥᠰᠦᠪ ᠢ | ᠬᠡᠷᠡᠭᠵᠢᠭᠦᠯᠦᠭᠰᠡᠨ ᠪᠠᠶᠢᠳᠠᠯ ᠪᠠ 2025 ᠣᠨᠤ ᠲᠥᠰᠦᠪ ︵ᠲᠥᠰᠦᠯ︶ ᠤᠨ ᠮᠡᠳᠡᠭᠦᠯᠦᠯᠲᠡᠶᠢ ᠬᠢᠨᠠᠨ ᠪᠠᠶᠢᠴᠠᠭᠠᠪᠠ᠃ | ᠳᠤᠭᠤᠶᠢᠯᠠᠩ ᠬᠤᠪᠢᠶᠠᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠂ ᠲᠥᠯᠥᠭᠡᠯᠡᠭᠴᠢᠳ ᠰᠠᠨᠠᠭᠤᠯᠭ᠎ᠠ | ᠳᠤᠷᠠᠳᠴᠤ᠂ ᠣᠶᠢᠯᠠᠭᠠᠯᠲᠠ ᠪᠠᠨ ᠦᠬᠦᠯᠡᠵᠦ᠂ ᠢᠷᠡᠭᠡᠳᠦᠢ ᠶᠢᠨ ᠲᠤᠬᠠᠢ ᠶᠠᠷᠢᠯᠴᠠᠪᠠ᠃ ᠣᠯᠠᠨ ᠢᠶᠠᠷ ᠢᠶᠠᠨ ᠰᠠᠨᠠᠯ | ᠨᠢᠭᠡᠲᠡᠶ ᠦᠵᠡᠭᠰᠡᠨ ᠨᠢ᠂ 3 ᠢᠯᠡᠳᠬᠡᠯ ︵ᠮᠡᠳᠡᠭᠦᠯᠦᠯᠳᠡ︶ ᠤᠨ ᠵᠣᠷᠢᠭ ᠰᠠᠨᠠᠭ᠎ᠠ ᠥᠨᠳᠥᠷ᠂ ᠭᠤᠣᠯ ᠰᠡᠳᠦᠪ ᠢᠯᠡ | ᠲᠣᠳᠣ᠂ ᠴᠢᠭᠯᠡᠯ ᠲᠣᠳᠣᠷᠬᠠᠢ ᠪᠠᠶᠢᠵᠤ᠂ ᠢᠲᠡᠭᠡᠯ ᠵᠣᠷᠢᠭ ᠢ ᠬᠥᠪᠴᠢᠯᠡᠵᠦ᠂ ᠬᠥᠭᠵᠢᠯᠲᠡ ᠶᠢ ᠬᠦᠳᠦᠯᠦᠨ ᠳᠠᠭᠠᠭᠤᠯᠵᠤ᠂ | ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠢᠯᠡᠳᠬᠡᠯ ︵ᠮᠡᠳᠡᠭᠦᠯᠦᠯᠳᠡ︶ ᠪᠣᠯᠤᠨ᠎ᠠ᠃ ᠢᠯᠠᠩᠭᠤᠶ᠎ᠠ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠨᠢ ᠮᠠᠨ ᠤ ᠬᠤᠲᠠ ᠶᠢᠨ ᠥᠩᠭᠡᠷᠡᠭᠰᠡᠨ ᠨᠢᠭᠡ ᠵᠢᠯ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ | ᠣᠷᠣᠰᠢᠵᠤ ᠪᠠᠶᠢᠭ᠎ᠠ ᠠᠰᠠᠭᠤᠳᠠᠯ ᠪᠠ ᠥᠷᠢᠰᠥᠯᠳᠦᠭᠡᠨ ᠢ ᠦᠨᠡᠨ ᠠᠴᠠ ᠵᠥᠪ ᠢ ᠡᠷᠢᠨ ᠵᠢᠭᠠᠵᠤ ᠭᠠᠷᠭᠠᠨ᠂ 2025 | ᠣᠨ ᠤ ᠠᠵᠢᠯ ᠤᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ | ᠦᠨᠡᠨ ᠠᠴᠠ ᠵᠥᠪ ᠢ ᠡᠷᠢᠭᠰᠡᠨ᠂ ᠬᠥᠮᠦᠰ ᠤᠨ ᠰᠡᠳᠭᠢᠯ ᠢ ᠵᠣᠷᠢᠭᠵᠢᠭᠤᠯᠤᠭᠰᠠᠨ᠂ ᠬᠥᠮᠦᠰ ᠢ ᠤᠷᠮᠠᠰᠢᠭᠤᠯᠤᠨ | ᠤᠷᠤᠭᠰᠢᠯᠠᠭᠤᠯᠤᠭᠰᠠᠨ ᠰᠠᠶᠢᠨ ᠢᠯᠡᠳᠬᠡᠯ ᠪᠣᠯᠤᠭᠰᠠᠨ ᠪᠠᠶᠢᠨ᠎ᠠ ᠭᠡᠵᠡᠢ᠃ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠢᠯ ᠮᠥᠨ᠂ ᠡᠨᠡ | ᠵᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠥᠯᠥᠭᠡᠯᠡᠭᠴᠢᠳ | ᠢᠯᠡᠷᠭᠡᠶᠢᠯᠡᠵᠡᠭᠡᠭᠰᠡᠨ ᠨᠢ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠥᠷᠯᠥᠭᠡ | ᠦᠳᠡᠰᠢ ᠶᠢ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠦᠨᠡᠨᠴᠢ ᠰᠢᠳᠤᠷᠭᠤ ᠪᠠᠷ ᠪᠣᠳᠠᠲᠠᠢ ᠠᠵᠢᠯᠯᠠᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠦᠨᠡᠨᠬᠦ ᠠᠷᠠᠳ ᠤᠯᠠᠨ ᠤ ᠣᠷᠣᠯᠠᠨ | ᠥᠭᠦᠯᠡᠭᠴᠢ ᠪᠠ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠤᠯᠵᠤ᠂ ᠲᠥᠯᠥᠭᠡᠯᠡᠭᠴᠢᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠵᠠᠮ ᠢᠶᠠᠨ ᠲᠠᠰᠤᠷᠠᠯᠳᠠ ᠦᠭᠡᠢ ᠥᠷᠭᠡᠳᠬᠡᠵᠦ᠂ ᠪᠠᠶᠢᠴᠠᠭᠠᠨ | ᠰᠤᠳᠤᠯᠤᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ | ᠲᠤᠰᠬᠠᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ | ᠦᠵᠡᠬᠦᠯᠦᠨ᠎ᠡ ᠭᠡᠵᠡᠢ᠃ |