【 ᠬᠤᠶᠠᠷ ᠬᠤᠷᠠᠯ】ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/8
     1 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠬᠤᠶᠠᠳᠤᠭᠠᠷ ᠪᠥᠬᠦᠳᠡ ᠬᠤᠷᠠᠯ ᠬᠤᠷᠠᠯᠳᠣᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠠᠨ ᠱᠤᠸᠠᠩ᠂ ᠳᠡᠳ᠋ ᠲᠡᠷᠢᠭᠦᠯᠡᠭᠴᠢ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ ᠭᠠᠩ᠂ ᠵᠠᠩ ᠬᠤᠩ ᠪᠢᠨ᠂ ᠱᠣᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠾᠧ ᠫᠢᠩ᠂ ᠯᠢᠦ ᠴᠠᠩ ᠾᠦᠢ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠲᠠ ᠶᠢᠨ ᠤᠳᠤᠷᠢᠳᠤᠯᠭ᠎ᠠ ᠵᠧᠤ ᠶᠢᠨ ᠰᠢᠩ᠂ ᠼᠦᠢ ᠵᠢᠩ ᠶᠢᠩ᠂ ᠯᠢ ᠠᠩ᠂ ᠶᠠᠨ ᠳ᠋ᠦᠩ᠂ ᠮᠧᠩ ᠫᠸᠢ ᠶᠦᠨ᠂ ᠭᠦᠸᠧ ᠢ ᠵᠢᠶᠧ᠂ ᠸᠠᠩ ᠶᠦᠨ ᠾᠧᠩ᠂ ᠸᠠᠩ ᠶᠢᠨ᠂ ᠴᠢᠶᠣᠤ ᠢᠦᠶ᠂ ᠸᠠᠩ ᠵᠢᠶ ᠫᠢᠩ᠂ ᠵᠠᠩ ᠮᠢᠩ ᠮᠢᠩ᠂ ᠭᠤᠤ ᠪᠥᠸᠧ᠂ ᠵᠠᠩ ᠸᠧᠶ᠂ ᠵᠠᠩ ᠶᠦᠩ᠂ ᠴᠧᠩ ᠵᠥᠩ ᠵᠦᠩ ᠬᠤᠷᠠᠯ ᠳᠤ ᠣᠷᠣᠯᠴᠠᠭᠰᠠᠨ ᠪᠥᠭᠡᠳ ᠭᠡᠰᠢᠭᠦᠳ ᠤᠨ ᠶᠠᠷᠢᠶ᠎ᠠ ᠶᠢ ᠰᠣᠨᠣᠰᠪᠠ᠃      ᠶᠡᠭᠡ ᠬᠤᠷᠠᠯ ᠢ ᠵᠠᠩ ᠬᠤᠩ ᠪᠢᠨ ᠡᠷᠬᠢᠯᠡᠪᠡ᠃      ᠬᠤᠷᠠᠯ ᠳᠡᠭᠡᠷ᠎ᠡ᠂ ᠯᠢ ᠠᠩ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃ ᠸᠠᠩ ᠰᠢᠶᠠᠨ ᠭᠠᠩ᠂ ᠰᠢᠤᠢ ᠸᠧᠶ ᠬᠤᠸᠠ᠂ ᠴᠢᠶᠣᠤ ᠾᠦᠢ ᠫᠢᠩ᠂ ᠾᠧ ᠵᠢᠶᠠᠨ ᠲᠤᠤ᠂ ᠬᠤᠸᠠᠩ ᠵᠢᠩ᠂ ᠱᠢ ᠰᠢᠨ ᠬᠤᠸᠠ᠂ ᠯᠢ ᠶᠦᠩ᠂ ᠸᠠᠩ ᠹᠧᠩ ᠰᠢᠶᠠ᠂ ᠢᠦᠶ ᠵᠢᠶᠠᠨ ᠮᠧᠶ᠂ ᠭᠤᠤ ᠳ᠋ᠧᠩ ᠴᠧᠩ ᠵᠡᠷᠭᠡ 10 ᠭᠡᠰᠢᠭᠦᠨ ᠮᠠᠨ ᠤ ᠬᠤᠲᠠ ᠶᠢᠨ ᠤᠯᠤᠰ ᠤᠨ ᠲᠠᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠢᠯᠡ ᠲᠦᠷᠦᠭᠳᠡᠯ ᠲᠠᠢ ᠪᠦᠲᠦᠮᠵᠢᠲᠡᠶ ᠥᠷᠨᠢᠭᠦᠯᠬᠦ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠶᠠᠷᠢᠶ᠎ᠠ ᠲᠠᠯᠪᠢᠪᠠ᠃      ᠭᠡᠰᠢᠭᠦᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠼᠦᠢ ᠵᠢᠩ ᠶᠢᠩ ᠬᠡᠯᠡᠭᠰᠡᠨ ᠨᠢ᠂ ᠭᠡᠰᠢᠭᠦᠳ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠰᠢ ᠶᠡᠭᠡ ᠦᠨᠳᠦᠷᠴᠡ ᠲᠠᠢ᠂ ᠬᠠᠶᠢᠷ᠎ᠠ ᠰᠡᠳᠬᠢᠯᠭᠡ ᠲᠠᠢ᠂ ᠬᠦᠨᠴᠡ ᠲᠠᠢ ᠰᠠᠨᠠᠯ ᠰᠠᠨᠠᠭᠤᠯᠭ᠎ᠠ ᠳᠤᠷᠠᠳᠴᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ᠂ ᠨᠠᠷᠢᠨ ᠬᠢᠨᠠᠮᠠᠭᠠᠢ ᠪᠣᠳᠣᠯᠬᠢᠯᠠᠭᠰᠠᠨ ᠤ ᠦᠷ᠎ᠡ ᠪᠦᠲᠦᠭᠡᠯ ᠪᠤᠯᠵᠤ᠂ ᠥᠷᠭᠡᠨ ᠤᠯᠠᠨ ᠭᠡᠰᠢᠭᠦᠳ ᠤᠨ ᠬᠠᠯᠠᠭᠤᠨ ᠰᠡᠳᠬᠢᠯᠭᠡ ᠪᠠᠨ ᠬᠦᠭᠵᠢᠭᠡᠭᠰᠡᠨ᠂ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠭᠦᠢᠴᠡᠳ ᠢᠯᠡᠷᠡᠭᠦᠯᠪᠡ᠃ ᠬᠤᠳᠠ ᠶᠢᠨ ᠵᠠᠰᠠᠭ ᠤᠨ ᠣᠷᠳᠣᠨ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠢ ᠡᠮᠬᠢᠯᠡᠵᠦ᠂ ᠭᠦᠨᠵᠡᠭᠡᠢ ᠰᠤᠳᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠢᠩᠭᠡᠭᠡᠨ ᠠᠪᠴᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ ᠬᠡᠵᠡᠢ᠃      ᠼᠦᠢ ᠵᠢᠩ ᠶᠢᠩ ᠬᠡᠯᠡᠭᠰᠡᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠬᠦ ᠵᠢᠯ ᠪᠣᠯᠤᠨ᠎ᠠ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠬᠤᠳᠠ ᠶᠢᠨ ᠵᠠᠰᠠᠭ ᠤᠨ ᠣᠷᠳᠣᠨ ᠬᠤᠳᠠ ᠶᠢᠨ ᠨᠠᠮ ᠤᠨ ᠬᠤᠷᠢᠶᠠᠨ ᠤ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠪᠠᠨ ᠭᠦᠢᠴᠡᠳᠬᠡᠬᠦ ᠶᠢ ᠳᠡᠮᠵᠢᠵᠦ᠂ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠨᠡᠩ ᠰᠠᠨᠠᠭᠠᠴᠢᠯᠠᠭ᠎ᠠ ᠲᠠᠢ ᠪᠠᠶᠢᠵᠤ᠂ ᠠᠷᠠᠳᠴᠢᠯᠠᠯ ᠤᠨ ᠬᠢᠨᠠᠯᠲᠠ ᠶᠢ ᠬᠦᠯᠢᠶᠡᠬᠦ ᠲᠠᠯ᠎ᠠ ᠪᠠᠷ ᠨᠡᠩ ᠤᠬᠠᠮᠰᠠᠷ ᠲᠠᠢ ᠪᠠᠶᠢᠵᠤ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠠᠲᠤᠯᠠᠬᠤ ᠲᠠᠯ᠎ᠠ ᠪᠠᠷ ᠨᠡᠩ ᠥᠨᠳᠥᠷ ᠪᠦᠲᠦᠮᠵᠢᠲᠡᠢ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢᠶᠠᠨ ᠥᠷᠨᠢᠭᠦᠯᠬᠦ ᠳᠤ ᠨᠡᠩ ᠰᠠᠶᠢᠨ ᠨᠥᠬᠦᠴᠡᠯ ᠪᠦᠷᠢᠯᠳᠦᠭᠦᠯᠦᠨ ᠦᠭᠴᠦ᠂ ᠨᠡᠩ ᠥᠷᠭᠡᠨ ᠲᠠᠪᠴᠠᠩ ᠪᠠᠶᠢᠭᠤᠯᠬᠤ ᠪᠠᠷ ᠴᠢᠷᠮᠠᠶᠢᠵᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠰᠡᠳᠬᠢᠯ ᠠᠴᠠ ᠪᠠᠨ ᠨᠥᠬᠦᠷᠯᠡᠵᠦ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠨ᠎ᠡ ᠬᠡᠵᠡᠢ᠃      ᠬᠤᠳᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠪᠠ᠃      ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠬᠤᠲᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号