【 ᠬᠤᠶᠠᠷ ᠬᠤᠷᠠᠯ】ᠯᠢ ᠴᠦᠨ ᠰᠢᠶᠤᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ
ᠨᠡᠶᠢᠲᠡᠯᠡᠭᠰᠡᠨ ᠴᠠᠭ᠄
2025/1/8
     1 ᠰᠠᠷ᠎ᠠ ᠶᠢᠨ 7 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ  ᠤᠨ ᠳᠤᠮᠳᠠᠳᠤ ᠤᠯᠤᠰ ᠤᠨ ᠡᠪ ᠬᠠᠮᠲᠤ ᠨᠠᠮ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ ᠭᠡᠰᠢᠭᠦᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ᠃      ᠯᠢ ᠴᠦᠨ ᠰᠢᠶᠤᠤ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠦᠨᠡᠨ ᠠᠴᠠ ᠵᠥᠪ ᠢ ᠡᠷᠢᠵᠦ᠂ ᠪᠤᠰᠤᠳᠴᠢ ᠪᠥᠭᠡᠳ ᠦᠨᠡᠨ ᠪᠣᠳᠠᠲᠠᠶ ᠪᠠᠶᠢᠵᠤ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠠᠨ ᠪᠥᠬᠦ ᠲᠠᠯ᠎ᠠ ᠪᠠᠷ ᠢᠯᠡᠷᠡᠭᠦᠯᠵᠦ᠂ ᠠᠵᠢᠯ ᠤᠨ ᠰᠡᠳᠬᠢᠮᠵᠢ ᠲᠣᠳᠣᠷᠬᠠᠶ᠂ ᠬᠠᠷᠠᠯᠲᠠ ᠲᠣᠳᠣᠷᠬᠠᠶ ᠪᠠᠶᠢᠵᠤ᠂ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠪᠣᠯᠤᠨ ᠮᠠᠨ ᠤ ᠬᠤᠲᠠ ᠶᠢᠨ ︽ᠠᠷᠪᠠᠨ ᠵᠦᠢᠯ ᠤᠨ ᠭᠤᠤᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠯᠤᠭ᠎ᠠ ᠨᠢᠭᠲᠠ ᠤᠶᠠᠯᠳᠤᠭᠤᠯᠤᠨ᠂ ᠨᠠᠷᠢᠨ ᠪᠣᠳᠠᠲᠠᠶ ᠲᠣᠬᠢᠷᠠᠭᠤᠯᠤᠯᠲᠠ ᠬᠢᠪᠡ᠃ ᠭᠡᠰᠢᠭᠦᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠠᠷᠠᠭᠠᠴᠢ ᠶᠢᠨ ᠠᠯᠬᠤᠮ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠭᠯᠡᠯ ᠪᠠ ᠭᠤᠤᠯᠳᠠᠯᠭ᠎ᠠ ᠪᠣᠯᠭᠠᠵᠤ᠂ ᠲᠤᠬᠠᠶᠢᠯᠠᠭᠰᠠᠨ ᠠᠵᠢᠯ ᠪᠠ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠳᠠᠭᠠᠨ ᠰᠠᠭᠤᠷᠢᠯᠠᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ︽ᠲᠠᠪᠤᠨ ᠲᠣᠭᠤᠷᠢᠭ ᠨᠢᠭᠡ ᠭᠤᠣᠯ︾ ᠢ ᠨᠢᠭᠡᠳᠦᠯᠲᠡᠶ ᠲᠥᠯᠥᠪᠯᠡᠬᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠠᠷᠠᠳ ᠤᠨ ᠰᠡᠳᠬᠢᠯ ᠢ ᠳᠤᠯᠠᠭᠠᠴᠠᠭᠤᠯᠤᠨ ᠠᠷᠠᠳ ᠤᠨ ᠵᠣᠪᠠᠨᠢᠯ ᠢ ᠠᠷᠢᠯᠭᠠᠬᠤ ᠪᠣᠳᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠵᠦ᠂ ᠮᠠᠨ ᠤ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠬᠦ ᠳᠤ ᠤᠯᠤᠰ ᠲᠥᠷᠥ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号