【 ᠬᠤᠶᠠᠷ ᠬᠤᠷᠠᠯ】ᠹᠧᠩ ᠰᠢᠤᠸᠠᠢ ᠲᠤᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2025/1/8
     1 ᠰᠠᠷ᠎ᠠ ᠶᠢᠨ 7 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃      ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠣᠶᠢᠯᠠᠭᠠᠯᠲᠠ ᠪᠠᠨ ᠶᠠᠷᠢᠵᠤ᠂ ᠰᠠᠨᠠᠭᠤᠯᠭ᠎ᠠ ᠳᠤᠷᠠᠳᠴᠤ᠂ ᠬᠥᠭᠵᠢᠯᠲᠡ ᠶᠢᠨ ᠲᠤᠬᠠᠢ ᠶᠠᠷᠢᠯᠴᠠᠪᠠ᠃ ᠹᠧᠩ ᠰᠢᠤᠸᠠᠢ ᠲᠤᠤ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃      ᠹᠧᠩ ᠰᠢᠤᠸᠠᠢ ᠲᠤᠤ ᠬᠡᠯᠡᠭᠰᠡᠨ ᠨᠢ᠂ 2025 ᠣᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠥᠬᠦ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠬᠢ ᠪᠠᠶᠠᠯᠢᠭ ᠤᠨ ᠬᠡᠯᠪᠡᠷᠢ ᠶᠢᠨ ᠬᠤᠳᠠ ᠳᠤ ᠠᠩᠬᠠᠷᠤᠯ ᠢᠶᠠᠨ ᠲᠥᠪᠯᠡᠷᠡᠭᠦᠯᠦᠨ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠪᠠᠬᠢᠵᠢᠭᠦᠯᠬᠦ ᠬᠡᠷᠡᠭᠲᠡᠢ᠃ ᠬᠦᠬᠡ ᠠᠭᠤᠯᠠ ᠬᠥᠬᠡᠮᠳᠦᠭ ᠤᠰᠤ ᠶᠢ ᠡᠷᠡᠰ ᠭᠤᠶᠢᠪᠢᠰᠢ ᠦᠭᠡᠢ ᠰᠠᠬᠢᠨ ᠬᠠᠮᠠᠭᠠᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠨ ᠨᠡᠩ ᠪᠠᠲᠤᠳᠬᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠷᠡᠰ ᠭᠤᠶᠢᠪᠢᠰᠢ ᠦᠭᠡᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠬᠦᠷᠲᠡᠭᠡᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号