【 ᠬᠤᠶᠠᠷ ᠬᠤᠷᠠᠯ】ᠼᠦᠢ ᠵᠢᠩ ᠶᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠬᠠᠮᠲᠤᠷᠠᠭᠰᠠᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/1/8
     1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ᠂ ᠠᠵᠤ ᠠᠬᠤᠶ ᠶᠢᠨ ᠡᠲᠡᠭᠡᠳ ᠤᠨ ᠬᠠᠮᠲᠤᠷᠠᠭᠰᠠᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠪᠠ᠃      ᠶᠠᠷᠢᠯᠴᠠᠬᠤ ᠳᠤᠮᠳᠠ᠂ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠼᠦᠢ ᠵᠢᠩ ᠶᠢᠩ ᠨᠠᠷᠢᠨ ᠬᠢᠨᠠᠮᠠᠭᠠᠢ ᠰᠣᠨᠣᠰᠴᠤ᠂ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠦᠭᠪᠡ᠃ ᠲᠡᠷᠡ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠳᠠ ᠪᠠᠷ ᠢᠶᠠᠨ ᠲᠤᠭᠳᠠᠭᠠᠭᠰᠠᠨ ᠬᠠᠷᠠᠯᠲᠠ ᠳᠤ ᠠᠩᠬᠠᠷᠣᠯ ᠢᠶᠠᠨ ᠲᠦᠪᠯᠡᠷᠡᠭᠦᠯᠵᠦ᠂ ᠠᠵᠠ ᠲᠣᠬᠢᠶᠠᠯ ᠢ ᠠᠮᠵᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢᠯᠡᠷᠡᠪᠡ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠢᠯ ᠮᠥᠨ᠂ ᠮᠥᠨᠴᠦ ᠦᠬᠠᠶ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠭᠡᠰᠢᠭᠦᠳ ᠥᠩᠭᠡᠷᠡᠭᠰᠡᠨ ᠲᠠᠢ ᠪᠠᠨ ᠠᠳᠠᠯᠢ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠳᠡᠮᠵᠢᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠣᠭᠤᠷᠢᠨ ᠳᠤ ᠰᠣᠳᠣ ᠮᠡᠷᠭᠡᠨ ᠦᠭᠡ ᠬᠡᠯᠡᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠯᠡᠭᠦᠬᠡᠨ ᠰᠦᠪᠡᠭᠴᠢᠯᠡᠵᠦ᠂ ᠪᠣᠳᠠᠲᠠᠶ ᠶᠢ ᠡᠷᠭᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠭᠠᠷᠭᠠᠬᠤ ᠶᠢ ᠬᠦᠰᠡᠵᠦ ᠪᠠᠶᠢᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠭᠡᠰᠢᠭᠦᠳ ᠤᠨ ᠰᠠᠨᠠᠭᠤᠯᠭ᠎ᠠ ᠶᠢ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠬᠢᠨᠠᠮᠠᠭᠠᠢ ᠰᠢᠩᠭᠡᠭᠡᠨ ᠠᠪᠴᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠮᠥᠷᠳᠡᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠳᠤ ᠡᠯ᠎ᠡ ᠲᠠᠯ᠎ᠠ ᠶᠢᠨ ᠤᠶᠤᠨ ᠤᠬᠠᠭᠠᠨ ᠬᠦᠴᠦᠨ ᠴᠢᠳᠠᠯ ᠢ ᠭᠦᠢᠴᠡᠳ ᠲᠥᠪᠯᠡᠷᠡᠭᠦᠯᠵᠦ᠂ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号