1 ᠰᠠᠷ᠎ᠠ ᠶᠢᠨ 7 ᠤ ᠡᠳᠦᠷ ᠤᠨ ᠦᠲᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ | ᠵᠸᠦ ᠶᠢᠨ ᠰᠢᠩ ᠬᠤᠲᠠ ᠶᠢᠨ ᠤᠯᠤᠰ ᠳᠦᠷᠦ ᠶᠢᠨ ᠵᠦᠪᠯᠡᠯᠬᠡᠨ ᠤ ᠠᠷᠪᠠᠲᠤᠭᠠᠷ ᠬᠤᠭᠤᠴᠠᠭᠠᠨ ᠤ ᠳᠦᠷᠪᠡᠲᠦᠭᠡᠷ | ᠣᠳᠠᠭᠠᠨ ᠤ ᠬᠤᠷᠠᠯ ᠤᠨ ᠲᠠᠷᠢᠶᠠᠴᠢᠨ ᠠᠵᠢᠯᠴᠢᠨ᠂ ᠰᠢᠨᠵᠢᠯᠡᠭᠦ ᠤᠬᠠᠭᠠᠨ ᠮᠡᠷᠬᠡᠵᠢᠯ᠂ ᠲᠠᠷᠢᠶᠠᠯᠠᠩ ᠮᠠᠯ ᠠᠵᠤ ᠠᠬᠤᠢ᠂ | ᠡᠮᠴᠢᠯᠡᠭᠡ ᠡᠷᠡᠭᠦᠯ ᠬᠠᠮᠠᠭᠠᠯᠠᠯ ᠤᠨ ᠡᠲᠡᠬᠡᠳ ᠤᠨ ᠬᠠᠮᠲᠤᠷᠠᠭᠰᠠᠨ ᠲᠤᠭᠤᠶᠢᠯᠠᠩ ᠤᠨ ᠶᠠᠷᠢᠯᠴᠠᠭ᠎ᠠ ᠳᠤ ᠤᠷᠤᠯᠴᠠᠪᠠ᠃ | ᠶᠠᠷᠢᠯᠴᠠᠬᠤ ᠳᠤᠮᠳᠠ᠂ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ | ᠢᠳᠡᠪᠬᠢᠲᠡᠶ ᠪᠠᠷ ᠶᠠᠷᠢᠶ᠎ᠠ ᠲᠠᠯᠪᠢᠵᠤ᠂ ᠵᠧᠤ ᠶᠢᠨ ᠰᠢᠩ ᠨᠠᠷᠢᠨ ᠬᠢᠨᠠᠮᠠᠭᠠᠶ ᠰᠣᠨᠣᠰᠴᠤ᠂ ᠣᠯᠠᠨ ᠤ ᠳᠤᠷᠠᠳᠤᠭᠰᠠᠨ ᠰᠠᠨᠠᠯ | ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠬᠡᠯᠡᠭᠰᠡᠨ ᠨᠢ᠂ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ | ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ | ᠡᠭᠦᠷᠭᠡ ᠳᠤ ᠰᠢᠰᠲ᠋ᠧᠮ ᠲᠠᠢ ᠲᠤᠬᠢᠷᠠᠭᠤᠯᠤᠯᠳᠠ ᠬᠢᠵᠦ᠂ ᠦᠬᠠᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ | ᠨᠡᠶᠢᠴᠡᠪᠡ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠦᠪᠡᠭᠴᠢᠯᠡᠬᠦ ᠵᠢᠯ ᠮᠥᠨ᠂ | ᠮᠥᠨᠴᠦ ᠪᠢᠳᠡᠨ ᠤ ᠬᠡᠯᠪᠡᠷᠢ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠰᠢᠪᠲᠤᠯᠤᠯᠲᠠ ᠭᠠᠷᠭᠠᠬᠤ ᠨᠢᠭᠡ ᠵᠢᠯ | ᠪᠣᠯᠤᠨ᠎ᠠ᠃ ᠭᠡᠰᠢᠭᠦᠳ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ | ᠶᠢ ᠠᠭᠤᠰᠣᠯᠴᠠᠭᠤᠯᠤᠨ ᠬᠦᠭᠵᠢᠬᠦᠯᠬᠦ᠂ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠬᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠦᠳᠦᠯᠦᠨ | ᠳᠠᠭᠠᠭᠤᠯᠬᠤ ᠵᠡᠷᠭᠡ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠬᠠᠮᠲᠤᠳᠬᠠᠵᠤ᠂ ᠠᠷᠭ᠎ᠠ ᠤᠬᠠᠭᠠᠨ | ᠭᠠᠷᠭᠠᠵᠤ᠂ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠳᠤ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ | ᠪᠠᠶᠢᠨ᠎ᠠ ᠭᠡᠵᠡᠢ᠃ |