【 ᠬᠤᠶᠠᠷ ᠬᠤᠷᠠᠯ】ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠡᠬᠢᠯᠡᠪᠡ  ᠵᠧᠤ ᠶᠢᠨ ᠰᠢᠩ  ᠯᠢ ᠴᠦᠨ ᠰᠢᠶᠤᠤ ᠬᠤᠷᠠᠯ ᠳᠤ ᠣᠷᠣᠯᠴᠠᠵᠤ  ᠼᠦᠢ ᠵᠢᠩ ᠶᠢᠩ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠡ
ᠨᠡᠶᠢᠲᠡᠯᠡᠭᠰᠡᠨ ᠴᠠᠭ᠄
2025/1/8

    1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠡᠬᠢᠯᠡᠪᠡ᠃ ︵ᠱᠢ ᠯᠢ

ᠽᠧᠩ   ᠭᠤᠤ ᠿᠦᠢ ᠫᠧᠩ ᠰᠡᠭᠦᠳᠡᠷᠯᠡᠪᠡ︶

     1 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠡᠬᠢᠯᠡᠪᠡ᠃

     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ

ᠲᠡᠷᠢᠭᠦᠯᠡᠭᠴᠢ ᠵᠧᠦ ᠶᠢᠨ ᠰᠢᠩ᠂ ᠼᠦᠢ ᠵᠢᠩ ᠶᠢᠩ᠂ ᠹᠧᠩ ᠰᠢᠤᠸᠠᠢ ᠲᠤᠤ᠂ ᠯᠢ ᠠᠩ᠂ ᠪᠠᠢ ᠬᠠᠢ ᠿᠦᠩ᠂ ᠸᠠᠩ ᠶᠢᠨ᠂

ᠸᠧᠢ ᠠᠢ ᠯᠢᠨ᠂ ᠴᠡᠩᠬᠡᠯ᠂ ᠰᠦᠩ ᠶᠤᠸᠠᠢ ᠰᠢᠶᠠ᠂ ᠿᠧᠨ ᠵᠢᠢ ᠬᠤᠸᠠ᠂ ᠲᠢᠶᠠᠨ ᠵᠦ ᠶᠦᠨ ᠲᠡᠷᠢᠭᠦᠯᠡᠭᠴᠢ ᠶᠢᠨ

ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃

     ᠯᠢ ᠴᠦᠨ ᠰᠢᠶᠤᠤ᠂ ᠶᠠᠨ ᠳ᠋ᠦᠩ᠂ ᠯᠢ ᠳ᠋ᠦᠩ᠂ ᠮᠧᠩ ᠫᠸᠢ ᠶᠦᠨ᠂ ᠭᠦᠸᠧ ᠢ ᠵᠢᠶᠧ᠂ ᠸᠠᠩ ᠶᠦᠨ ᠾᠧᠩ᠂

ᠶᠠᠨ ᠱᠤᠸᠠᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃

     ᠶᠡᠭᠡ ᠬᠤᠷᠠᠯ ᠢ ᠹᠧᠩ ᠰᠢᠤᠸᠠᠢ ᠲᠤᠤ ᠡᠷᠭᠢᠯᠡᠪᠡ᠃

     ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠠᠪᠤᠳᠤᠭᠠᠷ ᠣᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 242 ᠬᠥᠮᠦᠨ᠂ ᠲᠤᠰ ᠣᠳᠠᠭᠠᠨ ᠤ

ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 224 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ

ᠲᠤᠭ᠎ᠠ ᠳᠤ ᠨᠡᠶᠢᠴᠡᠪᠡ᠃

     ᠦᠳᠡ ᠶᠢᠨ ᠡᠮᠦᠨᠡᠬᠢ 9 ᠴᠠᠭ ᠲᠤ᠂ ᠹᠧᠩ ᠰᠢᠤᠸᠠᠢ ᠲᠤᠤ ᠦᠬᠠᠶ ᠬᠤᠲᠠ ᠶᠢᠨ ᠠᠷᠪᠠᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ

ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ

ᠳᠠᠭᠤᠯᠠᠪᠠ᠃

     ᠬᠤᠲᠠ ᠶᠢᠨ ᠳᠠᠷᠤᠭ᠎ᠠ ᠼᠦᠢ ᠵᠢᠩ ᠶᠢᠩ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ

ᠬᠢᠪᠡ᠃

     ᠼᠦᠢ ᠵᠢᠩ ᠶᠢᠩ ᠬᠡᠯᠡᠭᠰᠡᠨ ᠨᠢ᠂ 2024 ᠣᠨ ᠳᠤ᠂ ᠬᠤᠳᠠ ᠶᠢᠨ ᠨᠠᠮ ᠤᠨ ᠬᠤᠷᠢᠶᠠᠨ ᠤ ᠳᠠᠭᠠᠭᠤᠯᠭ᠎ᠠ

ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ

ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ

ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ

ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠢᠯ ᠤᠨ

ᠭᠤᠣᠯ ᠰᠢᠵᠢᠮ ᠪᠤᠯᠭᠠᠬᠤ ᠯᠤᠭ᠎ᠠ ᠨᠢᠭᠲᠠ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠡᠷᠡᠰ ᠰᠠᠶᠢᠲᠤᠷ

ᠪᠡᠶᠡᠯᠡᠬᠦᠯᠵᠦ᠂ ︽ᠵᠢᠷᠭᠤᠭᠠᠨ ᠢᠨᠵᠧᠨᠧᠷᠢᠩ︾ ᠪᠣᠯᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ

ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠲᠤᠯᠵᠤ᠂

ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠬᠢᠨ ᠰᠢᠨ᠎ᠡ ᠳᠡᠭᠲᠡᠷ ᠲᠤ ᠭᠠᠷᠭᠠᠪᠠ ᠭᠡᠵᠡᠢ᠃

     ᠼᠦᠢ ᠵᠢᠩ ᠶᠢᠩ ᠬᠡᠯᠡᠭᠰᠡᠨ ᠨᠢ᠂ 2024 ᠣᠨ ᠳᠤ᠂ ᠪᠢᠳᠡ ᠨᠢᠭᠡ ᠰᠡᠳᠬᠢᠯ ᠨᠢᠭᠡ ᠵᠣᠷᠢᠭ ᠢᠶᠠᠷ

ᠬᠥᠭᠵᠢᠯᠲᠡ ᠶᠢ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠠᠷᠠᠳ ᠤᠨ

ᠠᠮᠢᠳᠤᠷᠠᠯ ᠳᠤ ᠠᠰᠢᠭ ᠬᠦᠷᠲᠡᠭᠡᠵᠦ᠂ ᠬᠤᠷᠢᠭ᠎ᠠ ᠱᠤᠭᠤᠮ ᠢ ᠢᠮᠠᠭᠲᠠ ᠪᠠᠷᠢᠮᠲᠠᠯᠠᠵᠤ᠂ ᠠᠵᠤ ᠠᠬᠤᠢ ᠶᠢᠨ

ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ

ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂

ᠰᠣᠳᠣᠨ ᠬᠤᠳᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠡᠶ᠎ᠡ ᠵᠣᠬᠢᠴᠠᠩᠭᠤᠢ

ᠲᠣᠭᠲᠠᠭᠤᠨ ᠢ ᠬᠠᠮᠠᠭᠠᠯᠠᠵᠤ᠂ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠨᠡᠩ ᠴᠢᠩᠭ᠎ᠠ᠂ ᠤᠯᠠᠨ

ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠨᠡᠩ ᠥᠨᠳᠥᠷ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ

ᠨᠡᠩ ᠪᠠᠲᠤ ᠪᠠᠬᠢ ᠪᠣᠯᠭᠠᠪᠠ ᠭᠡᠵᠡᠢ᠃

     ᠼᠦᠢ ᠵᠢᠩ ᠶᠢᠩ ᠢᠯᠡᠳᠭᠡᠯ ᠳᠡᠭᠡᠨ ᠡᠨᠡ ᠵᠢᠯ ᠤᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ

ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠳᠤᠷᠠᠳᠪᠡ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ

ᠥᠷᠲᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ

ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠣᠷᠴᠢᠮ ᠨᠡᠮᠡᠭᠳᠡᠭᠦᠯᠵᠦ᠂ ᠬᠤᠲᠠ

ᠪᠠᠯᠭᠠᠰᠤᠨ ᠤ ᠠᠵᠢᠯ ᠣᠯᠭᠤᠯᠳᠠ ᠶᠢ 4000 ᠬᠥᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ

ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠣᠯᠭᠠᠵᠤ᠂

ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3 % ᠶᠢᠨ ᠳᠣᠲᠣᠷ᠎ᠠ ᠬᠢᠵᠠᠭᠠᠷᠯᠠᠵᠤ᠂

ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ

ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃

     ᠼᠦᠢ ᠵᠢᠩ ᠶᠢᠩ ᠬᠡᠯᠡᠭᠰᠡᠨ ᠨᠢ᠂ ᠡᠨᠡ ᠵᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ

ᠡᠷᠬᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠠᠵᠤ ᠠᠬᠤᠢ ᠶᠢᠨ ᠠᠵᠢᠯ ᠤᠨ ᠲᠤᠬᠠᠢ ᠲᠠᠪᠤᠨ ︽ᠡᠷᠬᠡᠪᠰᠢ

ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ︽ᠲᠠᠪᠤᠨ ᠶᠡᠭᠡ

ᠡᠭᠦᠷᠭᠡ︾ ︽ᠵᠢᠷᠭᠤᠭᠠᠨ ᠢᠨᠵᠧᠨᠧᠷᠢᠩ︾ ᠪᠣᠯᠤᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠦᠨ

ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾

 ᠯᠤᠭ᠎ᠠ ᠨᠢᠭᠲᠠ ᠤᠶᠠᠯᠳᠤᠭᠤᠯᠵᠤ᠂ ᠪᠣᠭᠤᠮᠲᠠ ᠰᠢᠪᠲᠤᠯᠬᠤ ᠵᠢᠯ ᠤᠨ ᠡᠯ᠎ᠡ ᠵᠦᠢᠯ ᠤᠨ ᠡᠭᠦᠷᠭᠡ ᠶᠢ ᠲᠣᠭᠲᠠᠭᠠᠵᠤ᠂

ᠢᠲᠡᠭᠡᠯ ᠵᠣᠷᠢᠭ ᠢᠶᠠᠨ ᠦᠨᠡᠨ ᠬᠦ ᠬᠦᠪᠴᠢᠯᠡᠵᠦ᠂ ᠰᠡᠳᠬᠢᠯ ᠵᠢᠷᠦᠬᠡ ᠪᠠᠨ ᠨᠢᠭᠡᠳᠬᠡᠵᠦ᠂ ᠪᠠᠷᠢᠯᠭ᠎ᠠ ᠶᠢᠨ ᠠᠵᠢᠯ ᠤᠨ

ᠰᠠᠶᠢᠨ ᠳᠠᠷᠤᠭ᠎ᠠ ᠪᠤᠯᠵᠤ᠂ ᠲᠤᠯᠤᠭᠠᠨ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ

ᠬᠡᠷᠡᠭᠲᠡᠢ᠃ ᠢᠲᠡᠭᠡᠯ ᠵᠣᠷᠢᠭ ᠢᠶᠠᠨ ᠬᠥᠪᠴᠢᠯᠡᠵᠦ᠂ ᠳᠣᠲᠣᠭᠠᠳᠤ ᠬᠡᠷᠡᠭᠴᠡᠭᠡ ᠶᠢ ᠪᠠᠳᠠᠷᠠᠭᠤᠯᠵᠤ᠂ ᠶᠡᠷᠦᠩᠬᠡᠶᠢᠯᠡᠭᠰᠡᠨ

ᠠᠷᠭ᠎ᠠ ᠪᠤᠳᠤᠯᠭ᠎ᠠ ᠬᠡᠷᠡᠭᠵᠢᠭᠦᠯᠵᠦ ᠪᠠᠶᠢᠭᠠᠳ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ ᠬᠡᠷᠡᠭᠲᠡᠢ︔

ᠶᠡᠷᠦᠩᠬᠡᠶᠢᠯᠡᠨ ᠵᠠᠰᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠠᠮᠢ

ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ︔ ᠠᠵᠤ ᠦᠢᠯᠡᠰ ᠤᠨ

ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠬᠦ ᠡᠨᠧᠷᠭᠢ ᠶᠢᠨ ᠰᠣᠯᠢᠭᠳᠠᠯ ᠢ ᠪᠠᠷᠢᠮᠲᠠᠯᠠᠵᠤ᠂ ᠰᠦᠷᠦᠭᠵᠢᠯ ᠤᠨ

ᠬᠡᠯᠬᠢᠶ᠎ᠡ ᠶᠢᠨ ᠳᠠᠪᠠᠭᠤᠯᠢᠭ ᠢ ᠲᠦᠷᠭᠡᠨ ᠪᠠᠶᠢᠭᠤᠯᠬᠤ ᠬᠡᠷᠡᠭᠲᠡᠢ︔ ᠥᠭᠡᠷᠡᠴᠢᠯᠡᠯᠲᠡ ᠪᠠᠷ ᠠᠬᠢᠭᠤᠯᠬᠤ᠂ ᠨᠡᠭᠡᠭᠡᠯᠲᠡ

ᠬᠢᠬᠦ ᠪᠠᠷ ᠲᠠᠶᠢᠴᠢᠯᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ

ᠥᠬᠡᠶ ᠬᠤᠷᠠᠮᠳᠤᠭᠤᠯᠬᠤ ᠬᠡᠷᠡᠭᠲᠡᠢ︔ ᠬᠤᠲᠠ ᠬᠥᠳᠡᠭᠡ ᠶᠢ ᠵᠡᠷᠭᠡ ᠪᠠᠷ ᠴᠢᠬᠤᠯᠠᠴᠢᠯᠠᠵᠤ᠂ ᠪᠠᠶᠢᠭᠤᠯᠬᠤ ᠪᠠ

ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠵᠤ᠂ ᠬᠦᠴᠦᠨ ᠢᠶᠠᠨ ᠲᠥᠪᠯᠡᠷᠡᠭᠦᠯᠦᠨ ᠬᠤᠲᠠ ᠶᠢᠨ ᠣᠷᠣᠰᠢᠨ ᠰᠠᠭᠤᠬᠤ

ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ︔ ᠠᠷᠠᠳ ᠲᠦᠮᠡᠨ ᠢᠶᠠᠷ ᠦᠨᠳᠦᠰᠦ ᠪᠣᠯᠭᠠᠬᠤ᠂ ᠠᠷᠠᠳ ᠲᠤ ᠠᠰᠢᠭ

ᠬᠦᠷᠲᠡᠭᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ

ᠪᠠᠲᠤᠯᠠᠨ ᠰᠠᠶᠢᠵᠢᠷᠠᠭᠤᠯᠬᠤ ᠬᠡᠷᠡᠭᠲᠡᠢ︔ ᠬᠤᠷᠢᠭ᠎ᠠ ᠱᠤᠭᠤᠮ ᠤᠨ ᠰᠡᠳᠬᠢᠬᠦᠶ᠂ ᠠᠶᠤᠯ ᠲᠦᠭᠰᠢᠭᠦᠷᠢ ᠶᠢᠨ ᠤᠬᠠᠮᠰᠠᠷ ᠢ

ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠠᠮᠤᠷ ᠲᠦᠪᠰᠢᠨ ᠤ

ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠭᠡᠵᠡᠢ᠃

     ᠼᠦᠢ ᠵᠢᠩ ᠶᠢᠩ ᠬᠡᠯᠡᠭᠰᠡᠨ ᠨᠢ᠂ ᠪᠢᠳᠡ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠲᠤᠰᠢᠶᠠᠯ

ᠬᠠᠷᠢᠭᠤᠴᠠᠯᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ᠂

ᠪᠣᠳᠠᠲᠠᠢ ᠠᠵᠢᠯᠯᠠᠨ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠵᠠᠰᠠᠭ ᠶᠠᠪᠤᠭᠤᠯᠬᠤ

ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ

ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠣᠯ ᠰᠢᠵᠢᠮ ᠪᠤᠯᠭᠠᠬᠤ ᠶᠢ ᠡᠯ᠎ᠡ

ᠵᠦᠢᠯ ᠤᠨ ᠠᠵᠢᠯ ᠳᠤ ᠪᠦᠬᠦ ᠲᠠᠯ᠎ᠠ ᠪᠠᠷ ᠲᠤᠤᠱᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ

ᠲᠠᠯ᠎ᠠ ᠪᠠᠷ ᠪᠦᠳᠦᠭᠡᠨ ᠪᠠᠶᠢᠭᠤᠯᠬᠤ︾ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠦᠢᠯᠡᠰ ᠲᠤ ᠪᠦᠬᠦ ᠲᠠᠯ᠎ᠠ ᠪᠠᠷ

ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃

     ᠼᠦᠢ ᠵᠢᠩ ᠶᠢᠩ ᠬᠡᠯᠡᠭᠰᠡᠨ ᠨᠢ᠂ ᠴᠢᠷᠮᠠᠶᠢᠨ ᠲᠡᠮᠡᠴᠡᠵᠦ ᠠᠭᠤᠤ ᠦᠢᠯᠡᠰ ᠢ ᠪᠦᠲᠦᠭᠡᠵᠦ᠂ ᠪᠣᠳᠠᠲᠠᠢ

ᠠᠵᠢᠯᠯᠠᠵᠤ ᠢᠷᠡᠭᠡᠳᠦᠢ ᠶᠢ ᠴᠣᠭᠴᠠᠯᠠᠨᠠᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ

ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂

ᠬᠦᠴᠢᠷ ᠢ ᠰᠦᠷᠦᠨ ᠤᠷᠤᠭᠰᠢᠯᠠᠵᠤ᠂ ᠴᠤᠭ ᠰᠦᠯᠳᠡ ᠪᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂

ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠬᠦᠴᠦᠯᠡᠨ

ᠤᠷᠤᠭᠰᠢᠯᠠᠵᠤ᠂ ᠬᠥᠭᠵᠢᠯᠲᠡ ᠶᠢᠨ ᠵᠠᠮ ᠢᠶᠠᠨ ᠲᠦᠷᠭᠡᠳᠬᠡᠵᠦ᠂ ᠦᠷ᠎ᠡ ᠪᠦᠲᠦᠮᠵᠢ ᠪᠠᠨ ᠲᠡᠭᠡᠭᠰᠢᠯᠡᠬᠦᠯᠵᠦ᠂

ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠶᠢ ᠪᠡᠶᠡᠯᠡᠭᠦᠯᠬᠦ ᠳᠤ

ᠦᠬᠠᠢ ᠶᠢᠨ ᠬᠤᠪᠢ ᠨᠡᠮᠡᠷᠢ ᠪᠠᠨ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ

ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠣᠭᠡᠢ︕

     ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ︽ᠦᠬᠠᠢ ᠬᠤᠳᠠ ᠶᠢᠨ 2024

ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ

ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ

ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾ ︽ᠦᠬᠠᠢ ᠬᠤᠳᠠ ᠶᠢᠨ 2024 ᠣᠨ ᠤ ᠲᠥᠰᠦᠪ ᠢ

ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ︾ ᠶᠢ ᠬᠢᠨᠠᠨ

ᠪᠠᠶᠢᠴᠠᠭᠠᠪᠠ᠃

     ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠴᠢᠶᠣᠤ ᠢᠦᠢ᠂ ᠸᠠᠩ ᠵᠢᠢ ᠫᠢᠩ᠂ ᠵᠠᠩ ᠮᠢᠩ

ᠮᠢᠩ᠂ ᠭᠤᠤ ᠪᠥᠸᠧ᠂ ᠵᠠᠩ ᠸᠧᠢ᠂ ᠵᠠᠩ ᠶᠦᠩ᠂ ᠴᠧᠩ ᠵᠦᠩ ᠵᠦᠩ᠂ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ

ᠭᠠᠩ᠂ ᠵᠠᠩ ᠬᠤᠩ ᠪᠢᠨ᠂ ᠱᠤᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠯᠢ ᠾᠧ ᠫᠢᠩ᠂ ᠯᠢᠦ ᠴᠠᠩ

ᠾᠦᠢ᠂ ᠵᠤᠤ ᠯᠢᠶᠠᠩ᠂ ᠲᠢᠶᠠᠨ ᠴᠧᠩ ᠵᠢᠶᠦ᠋ᠨ᠂ ᠹᠠᠨ ᠴᠢᠤᠸᠠᠨ᠂ ᠴᠢᠶᠣᠤ ᠲᠢᠶᠠᠨ ᠹᠧᠩ᠂ ᠯᠢ ᠫᠢᠩ᠂ ᠵᠧᠦ ᠶᠦᠩ

ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃

     ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠨ ᠬᠥᠮᠦᠰ ᠪᠠ ᠬᠤᠲᠠ ᠶᠢᠨ ᠠᠷᠪᠠᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ

ᠭᠤᠷᠪᠠᠳᠤᠭᠠᠷ ᠣᠳᠠᠭᠠᠨ ᠤ ᠬᠤᠷᠠᠯ ᠤᠨ ᠰᠢᠢᠳᠪᠦᠷᠢ ᠠᠴᠠ ᠲᠣᠭᠲᠠᠭᠠᠭᠰᠠᠨ ᠰᠤᠯᠠ ᠣᠷᠣᠯᠴᠠᠭᠰᠠᠨ ᠬᠥᠮᠦᠰ ᠢ

ᠭᠠᠷᠭᠠᠪᠠᠯ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ

ᠣᠳᠠᠭᠠᠨ ᠤ ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠬᠤᠷᠠᠯ ᠳᠤ ᠰᠤᠯᠠ ᠣᠷᠣᠯᠴᠠᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号