【ᠬᠤᠶᠠᠷ ᠬᠤᠷᠠᠯ】ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ  ᠯᠢ ᠴᠦᠨ ᠰᠢᠶᠤᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ ᠭᠠᠩ᠂ ᠵᠠᠩ ᠬᠤᠩ ᠪᠢᠨ᠂ ᠱᠣᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢ ᠾᠧ ᠫᠢᠩ᠂ ᠯᠢᠦ ᠴᠠᠩ ᠾᠦᠢ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠬᠤᠷᠠᠯ ᠳᠤ ᠣᠷᠣᠯᠴᠠᠪᠡ᠃      ᠶᠡᠭᠡ ᠬᠤᠷᠠᠯ ᠢ ᠹᠦ᠋ ᠲᠢᠩ ᠯᠢᠨ ᠡᠷᠬᠢᠯᠡᠪᠡ᠃      ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠨᠡᠶᠢᠲᠡ 186 ᠬᠥᠮᠦᠨ᠂ ᠬᠤᠷᠠᠯ ᠳᠤ ᠣᠷᠣᠯᠴᠠᠭᠰᠠᠨ ᠭᠡᠰᠢᠭᠦᠨ 165 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ︔ ᠰᠣᠩᠭᠤᠭᠤᠯᠢ ᠶᠢᠨ ᠶᠡᠭᠡ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠣᠩᠭᠤᠪᠠ᠃      ᠯᠢ ᠴᠦᠨ ᠰᠢᠶᠤᠤ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠵᠤ᠂ ᠯᠢ ᠾᠧ ᠫᠢᠩ᠂ ᠯᠢᠦ ᠴᠠᠩ ᠾᠦᠢ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠮᠠ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号