1 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮᠤᠨ ᠬᠤᠷᠢᠶᠠᠨ ᠤ ᠳᠡᠳ᠋ ᠱᠦᠵᠢ᠂ | ᠬᠤᠲᠠᠶᠢᠨ ᠳᠠᠷᠤᠭ᠎ᠠ ᠼᠦᠢ ᠵᠢᠩ ᠶᠢᠩ ᠬᠤᠲᠠᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳᠤᠨ ᠶᠡᠭᠡ ᠬᠤᠷᠠᠯᠤᠨ ᠲᠠᠪᠤᠳᠤᠭᠠᠷ ᠣᠳᠠᠭᠠᠨ ᠤ ᠬᠤᠷᠠᠯᠤᠨ ᠤᠳᠠᠶᠢᠨ ᠲᠥᠯᠥᠭᠡᠯᠡᠭᠴᠢᠳ ᠤᠨ | ᠪᠦᠯᠬᠦᠮ ᠳᠤ ᠬᠦᠷᠴᠦ᠂ ᠠᠷᠠᠳᠤᠨ ᠲᠥᠯᠥᠭᠡᠯᠡᠭᠴᠢᠳᠤᠨ ᠶᠡᠭᠡ ᠬᠤᠷᠠᠯᠤᠨ ᠲᠥᠯᠥᠭᠡᠯᠡᠭᠴᠢᠳ ᠲᠠᠢ ᠬᠠᠮᠲᠤ ᠪᠠᠷ | ᠵᠠᠰᠠᠭᠤᠨ ᠣᠷᠳᠣᠨ ᠤ ᠠᠵᠢᠯᠤᠨ ᠢᠯᠡᠳᠬᠡᠯ᠂ ᠲᠥᠯᠥᠪᠯᠡᠭᠡ ᠪᠠ ᠲᠥᠰᠦᠪᠤᠨ ᠮᠡᠳᠡᠭᠦᠯᠦᠯᠲᠡ ᠶᠢ ᠬᠢᠨᠠᠨ ᠵᠥᠪᠯᠡᠪᠡ᠃ | ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠢᠯᠡᠳᠭᠡᠯ ︵ᠮᠡᠳᠡᠭᠦᠯᠦᠯᠲᠡ︶ ᠤᠨ ᠠᠭᠤᠯᠭ᠎ᠠ ᠶᠢᠨ | ᠲᠣᠭᠤᠷᠢᠨ ᠳᠤ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠᠨ | ᠶᠠᠷᠢᠵᠤ ᠰᠠᠨᠠᠭᠤᠯᠭ᠎ᠠ ᠳᠤᠷᠠᠳᠪᠠ᠃ ᠼᠦᠢ ᠵᠢᠩ ᠶᠢᠩ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ | ᠰᠣᠨᠣᠰᠴᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠬᠡᠯᠡᠭᠰᠡᠨ ᠨᠢ᠂ ᠮᠠᠨ ᠤ ᠬᠤᠲᠠ ᠶᠠᠭ ᠡᠬᠢ | ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ᠂ ᠵᠢᠱᠢᠶ᠎ᠡ | ᠦᠵᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠤᠳᠠ ᠲᠣᠭᠤᠷᠢᠭ ᠥᠨᠳᠥᠷ ᠲᠤ ᠵᠤᠭᠰᠣᠨ | ᠬᠤᠯᠠ ᠶᠢ ᠬᠠᠷᠠᠬᠤ᠂ ᠵᠣᠷᠢᠭᠲᠠᠶ ᠪᠠᠷ ᠲᠡᠷᠢᠭᠦᠨ ᠳᠤ ᠣᠷᠣᠬᠤ ᠪᠠᠷ ᠴᠢᠷᠮᠠᠶᠢᠬᠤ ᠲᠡᠮᠡᠴᠡᠯ ᠤᠨ ᠪᠠᠶᠢᠳᠠᠯ ᠢᠶᠠᠨ | ᠪᠠᠲᠤᠯᠠᠵᠤ᠂ ᠪᠥᠬᠦ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠬᠢᠬᠦ ᠳᠤᠮᠳᠠ ᠬᠡᠪ ᠳᠠᠭᠤᠷᠢᠶᠠᠯ | ᠪᠣᠯᠬᠤ ᠪᠠᠷ ᠴᠢᠷᠮᠠᠶᠢᠬᠤ ᠬᠡᠷᠡᠭᠲᠡᠶ᠃ ᠠᠭᠤᠷᠬᠠᠢ ᠶᠢᠨ ᠡᠷᠬᠡ᠂ ᠨᠡᠭᠦᠷᠡᠰᠦ ᠤᠬᠢᠶᠠᠬᠤ᠂ ᠬᠡᠦᠷᠰᠢᠭᠦᠯᠬᠦ ︽ᠭᠤᠷᠪᠠ ᠶᠢ | ᠨᠡᠶᠢᠳᠬᠡᠬᠦ︾ ᠶᠢ ᠲᠦᠷᠭᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠢᠯᠡ ᠲᠣᠳᠣ | ᠤᠳᠤᠷᠢᠳᠤᠮᠵᠢ ᠪᠠᠷ ᠠᠵᠢᠯ ᠢᠶᠠᠨ ᠲᠡᠭᠦᠰ ᠠᠮᠵᠢᠯᠲᠠ ᠲᠠᠢ ᠲᠡᠭᠦᠰᠭᠡᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠳᠡᠰ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ | ᠣᠷᠣᠨ ᠢ ᠴᠢᠷᠮᠠᠶᠢᠨ ᠪᠠᠶᠢᠭᠤᠯᠬᠤ ᠰᠥᠰᠥ ᠵᠣᠷᠢᠭ ᠭᠠᠷᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠦᠷᠢᠶᠡᠯᠡᠩ | ᠲᠣᠭᠤᠷᠢᠭ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ | ᠰᠦᠪᠡᠭᠴᠢᠯᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ | ᠰᠠᠶᠢᠲᠤᠷ ᠬᠢᠵᠦ᠂ ᠰᠤᠷᠭᠠᠨ ᠬᠥᠮᠦᠵᠢᠯ᠂ ᠡᠮᠴᠢᠯᠡᠭᠡ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ | ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠲᠠᠢ ᠪᠣᠯᠭᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ᠂ ᠬᠥᠭᠵᠢᠯᠲᠡ ᠶᠢᠨ ᠠᠮᠤᠷ ᠲᠦᠪᠰᠢᠨ ᠢ | ᠪᠠᠲᠤᠯᠠᠬᠤ ᠬᠡᠷᠡᠭᠲᠡᠢ ᠭᠡᠵᠡᠢ᠃ |