​【ᠬᠤᠶᠠᠷ ᠬᠤᠷᠠᠯ】ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠬᠤᠶᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠬᠤᠶᠠᠳᠤᠭᠠᠷ ᠪᠦᠬᠦᠳᠡ ᠬᠤᠷᠠᠯ ᠬᠤᠷᠠᠯᠳᠤᠪᠠ᠃      ᠵᠧᠦ ᠶᠢᠨ ᠰᠢᠩ᠂ ᠼᠦᠢ ᠵᠢᠩ ᠶᠢᠩ᠂ ᠹᠧᠩ ᠰᠢᠤᠸᠠᠢ ᠲᠤᠤ᠂ ᠯᠢ ᠴᠦᠨ ᠰᠢᠶᠤᠤ ᠵᠡᠷᠭᠡ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠪᠠᠢ ᠬᠠᠢ ᠿᠦᠩ ᠬᠤᠷᠠᠯ ᠡᠷᠬᠢᠯᠡᠪᠡ᠃      ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 242 ᠬᠥᠮᠦᠨ᠂ ᠲᠤᠰ ᠣᠳᠠᠭᠠᠨ ᠤ ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 222 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠶᠡᠭᠡ ᠬᠤᠷᠠᠯ ᠳᠤ ᠦᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠭᠡᠯ ᠬᠢᠪᠠ᠃ ᠹᠧᠩ ᠰᠢᠤᠸᠠᠢ ᠲᠤᠤ ᠬᠡᠯᠡᠭᠰᠡᠨ ᠨᠢ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠶ ᠦᠢᠯᠡᠳᠦᠯᠭᠡᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠤᠯ ᠰᠢᠵᠢᠮ ᠪᠤᠯᠭᠠᠬᠤ ᠶᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠪᠠ ᠪᠥᠬᠦ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠤᠯᠪᠠ᠃ ᠨᠢᠭᠡ ᠵᠢᠯ ᠤᠨ ᠲᠤᠷᠰᠢ᠂ ᠲᠤᠰᠬᠠᠢ ᠠᠵᠢᠯ ᠤᠨ ᠮᠡᠳᠡᠭᠦᠯᠦᠯᠲᠡ ᠶᠢ 21 ᠣᠳᠠᠭ᠎ᠠ ᠰᠣᠨᠣᠰᠴᠤ ᠬᠢᠨᠠᠨ ᠵᠥᠪᠯᠡᠵᠦ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ 1 ᠲᠣᠭᠲᠠᠭᠠᠵᠤ᠂ ᠬᠠᠤᠯᠢ ᠬᠡᠷᠡᠭᠵᠢᠭᠦᠯᠦᠯᠲᠡ ᠳᠤ 2 ᠣᠳᠠᠭ᠎ᠠ ᠵᠠᠰᠠᠪᠤᠷᠢ ᠣᠷᠣᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 3 ᠣᠳᠠᠭ᠎ᠠ ᠥᠷᠨᠢᠭᠦᠯᠵᠦ᠂ ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠪᠠ ᠬᠠᠨᠤᠮᠵᠢ ᠶᠢᠨ ᠬᠡᠮᠵᠢᠶ᠎ᠡ ᠳᠤ ᠰᠢᠯᠭᠠᠨ ᠦᠨᠡᠯᠡᠬᠦ ᠠᠵᠢᠯ ᠢ 3 ᠣᠳᠠᠭ᠎ᠠ ᠥᠷᠨᠢᠭᠦᠯᠵᠦ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ 7 ᠤᠳᠠᠭ᠎ᠠ ᠥᠷᠨᠢᠭᠦᠯᠵᠦ᠂ 6 ᠵᠦᠢᠯ ᠤᠨ ᠰᠢᠢᠳᠪᠦᠷᠢ ᠭᠠᠷᠭᠠᠵᠤ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠪᠡ ᠭᠡᠵᠡᠢ᠃      ᠹᠧᠩ ᠰᠢᠤᠸᠠᠢ ᠲᠤᠤ ᠲᠠᠪᠤᠨ ᠲᠠᠯ᠎ᠠ ᠠᠴᠠ 2024 ᠣᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠭᠰᠡᠨ ᠠᠵᠢᠯ ᠢᠶᠠᠨ ᠡᠷᠭᠢᠴᠡᠭᠦᠯᠪᠡ᠄ ᠲᠤᠭ ᠮᠠᠨᠳᠣᠭᠤᠯᠵᠤ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠪᠠ︔ ᠬᠠᠤᠯᠢ ᠶᠢ ᠰᠠᠶᠢᠲᠤᠷ ᠬᠡᠷᠡᠭᠵᠢᠭᠦᠯᠵᠦ ᠴᠢᠳᠠᠮᠠᠭᠠᠢ ᠵᠠᠰᠠᠬᠤ ᠶᠢ ᠠᠬᠢᠭᠤᠯᠵᠤ᠂ ᠬᠠᠤᠯᠢᠵᠢᠯ ᠤᠨ ᠦᠬᠠᠢ ᠶᠢᠨ ᠪᠦᠳᠦᠭᠡᠨ ᠪᠠᠶᠢᠭᠤᠯᠤᠯᠲᠠ ᠶᠢ ᠬᠠᠮᠠᠭᠠᠯᠠᠪᠠ︔ ᠶᠡᠭᠡ ᠲᠠᠯ᠎ᠠ ᠶᠢ ᠲᠥᠯᠥᠪᠵᠢᠭᠦᠯᠵᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠪᠡ︔ ᠬᠥᠳᠡᠯᠭᠡᠬᠦ ᠡᠨᠧᠷᠭᠢ ᠶᠢ ᠴᠢᠩᠭᠠᠳᠬᠠᠵᠤ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠪᠠ︔ ᠵᠢᠷᠤᠮᠵᠢᠭᠤᠯᠬᠤ ᠶᠢ ᠠᠬᠢᠭᠤᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ︽ᠲᠦᠷᠪᠡᠨ ᠪᠠᠶᠢᠭᠤᠯᠭ᠎ᠠ︾ ᠶᠢ ᠪᠦᠬᠦ ᠬᠦᠴᠦᠨ ᠢᠶᠠᠷ ᠢᠶᠠᠨ ᠴᠣᠭᠴᠠᠯᠠᠪᠠ᠃      ᠹᠧᠩ ᠰᠢᠤᠸᠠᠢ ᠲᠤᠤ ᠬᠡᠯᠡᠭᠰᠡᠨ ᠨᠢ᠂ 2025 ᠣᠨ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠯᠦᠭᠡ ᠨᠢᠭᠲᠠ ᠤᠶᠠᠯᠳᠤᠭᠤᠯᠵᠤ᠂ ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠯᠤᠭ᠎ᠠ ᠨᠢᠭᠲᠠ ᠤᠶᠠᠯᠳᠤᠭᠤᠯᠵᠤ᠂ ᠭᠤᠤᠯᠳᠠᠯᠭ᠎ᠠ ᠳᠤ ᠪᠠᠶᠢᠭ᠎ᠠ᠂ ᠶᠡᠭᠡ ᠲᠠᠯ᠎ᠠ ᠶᠢᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠢ ᠪᠠᠷᠢᠮᠲᠠᠯᠠᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠠᠮᠢᠳᠤᠯᠢᠭ ᠦᠢᠯᠡᠳᠦᠯᠭᠡ ᠪᠠ ᠴᠢᠨᠠᠷ ᠰᠠᠶᠢᠲᠠᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠡᠭᠦᠷᠭᠡ ᠳᠤ ᠨᠡᠩ ᠰᠠᠶᠢᠨ ᠬᠦᠴᠦᠨ ᠨᠡᠮᠡᠷᠢᠯᠡᠵᠦ᠂ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠴᠢᠬᠤᠯᠠ ᠶᠠᠪᠤᠳᠠᠯ ᠳᠤ ᠦᠢᠯᠡᠴᠢᠯᠡᠬᠦ᠂ ᠪᠣᠳᠠᠲᠤ ᠶᠠᠪᠤᠳᠠᠯ ᠢ ᠰᠠᠶᠢᠲᠤᠷ ᠬᠢᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠳᠬᠦᠯ ᠴᠢᠷᠮᠠᠶᠢᠯᠭ᠎ᠠ ᠭᠠᠷᠭᠠᠵᠤ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠨ ᠤ ᠬᠤᠳᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠢᠯᠡᠳᠬᠡᠯ ᠳᠤ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ︔ ᠠᠷᠭ᠎ᠠ ᠵᠠᠮ ᠢᠶᠠᠨ ᠥᠷᠭᠡᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠢᠳᠠᠪᠤᠷᠢ ᠬᠡᠪ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠪᠠᠷ ᠴᠥᠬᠦᠷᠡᠰᠢ ᠦᠭᠡᠢ ᠪᠠᠶᠢᠩᠭᠤ ᠠᠳᠬᠤᠬᠤ ᠵᠡᠷᠭᠡ ᠲᠠᠯ᠎ᠠ ᠪᠠᠷ 2025 ᠣᠨ ᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠣᠯ ᠠᠵᠢᠯ ᠤᠨ ᠡᠭᠦᠷᠭᠡ ᠪᠠᠨ ᠪᠠᠶᠢᠷᠢᠯᠠᠭᠤᠯᠪᠠ᠃      ᠬᠤᠷᠠᠯ ᠠᠴᠠ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠣᠷᠣᠯᠠᠭᠴᠢ ᠳᠠᠷᠤᠭ᠎ᠠ ᠵᠤᠤ ᠯᠢᠶᠠᠩ ᠤᠨ ᠬᠢᠭᠰᠡᠨ ᠦᠬᠠᠢ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ ᠤ ᠬᠢᠭᠰᠡᠨ ᠦᠬᠠᠢ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号