2 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ 5 | ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ | ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠢᠷᠢᠨ ᠮᠤᠵᠢ ᠶᠢᠨ ᠨᠠᠮ ᠤᠨ | ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠣᠷᠢᠭᠲᠠᠢ ᠪᠠᠷ | ᠰᠦᠪᠡᠭᠴᠢᠯᠡᠨ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ᠂ ᠨᠡᠭᠡᠭᠡᠯᠲᠡᠲᠡᠢ ᠬᠥᠭᠵᠢᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ | ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠯᠪᠡᠷᠢ ᠪᠠᠨ | ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢᠨ ᠲᠦᠭᠵᠢᠷᠡᠯ ᠢ ᠨᠡᠪᠲᠡᠷᠡᠭᠦᠯᠵᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠡᠢ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ | ᠰᠢᠶᠠᠨ ᠤ ᠠᠭᠤᠯᠠ ᠶᠡᠭᠦᠷᠡᠭᠰᠡᠨ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠭᠰᠠᠨ | ᠪᠥᠭᠡᠳ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠠᠵᠢᠯ ᠳᠤ ᠲᠤᠬᠢᠷᠠᠭᠤᠯᠤᠯᠳᠠ ᠬᠢᠪᠡ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠨᠠᠮ ᠤᠨ ᠬᠢᠨᠠᠨ ᠪᠤᠳᠤᠬᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠨ ᠪᠤᠳᠤᠬᠤ ᠬᠢᠨᠠᠯᠲᠠ ᠪᠠᠨ ᠴᠢᠩᠭᠠᠳᠬᠠᠵᠤ᠂ ᠬᠢᠨᠠᠨ ᠪᠤᠲᠤᠯᠳᠠ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠢᠨᠠᠨ | ᠪᠤᠳᠤᠬᠤ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |