ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/19
     2 ᠰᠠᠷ᠎ᠠ ᠶᠢᠨ 18 ᠤ ᠡᠳᠦᠷ᠂ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ ᠭᠠᠩ᠂ ᠵᠠᠩ ᠬᠤᠩ ᠪᠢᠨ᠂ ᠱᠣᠤ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠯᠢᠦ ᠴᠠᠩ ᠾᠦᠢ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠵᠢᠴᠢ ᠪᠠᠶᠢᠩᠭᠤ ᠶᠢᠨ ᠭᠡᠰᠢᠭᠦᠨ ᠨᠡᠶᠢᠲᠡ 29 ᠬᠥᠮᠦᠨ ᠬᠤᠷᠠᠯ ᠳᠤ ᠣᠷᠣᠯᠴᠠᠪᠡ᠃      ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠤᠶ᠎ᠠ︾ ᠭᠡᠬᠦ ᠴᠢᠬᠤᠯᠠ ᠵᠣᠬᠢᠶᠠᠯ᠂ ︽ᠪᠥᠬᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠬᠠᠶ ᠬᠤᠲᠠ ᠶᠢᠨ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠪᠠ᠃      ᠯᠢ ᠴᠦᠨ ᠰᠢᠶᠤᠤ ᠬᠡᠯᠡᠭᠰᠡᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠨᠠᠮ ᠤᠨ ᠬᠤᠷᠢᠶ᠎ᠠ ᠤᠷᠢᠶᠠᠯᠠᠭ᠎ᠠ ᠲᠠᠢ ᠪᠤᠯ ᠤᠯᠤᠰ ᠲᠦᠷᠦ ᠶᠢᠨ ᠵᠥᠪᠯᠡᠯᠭᠡᠨ ᠠᠵᠢᠯᠯᠠᠭ᠎ᠠ ᠲᠠᠢ᠂ ᠨᠠᠮ ᠤᠨ ᠬᠤᠷᠢᠶ᠎ᠠ ᠱᠠᠭᠠᠷᠳᠠᠯᠭ᠎ᠠ ᠲᠠᠢ ᠪᠤᠯ ᠤᠯᠤᠰ ᠲᠦᠷᠦ ᠶᠢᠨ ᠵᠥᠪᠯᠡᠯᠭᠡᠨ ᠨᠠᠶᠢᠳᠠᠪᠤᠷᠢᠵᠢᠭᠤᠯᠤᠯᠳᠠ ᠲᠠᠢ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠦᠯᠢᠭᠡᠷ ᠳᠠᠭᠤᠷᠢᠶᠠᠯ ᠤᠨ ᠦᠢᠯᠡᠳᠦᠯ ᠢ ᠨᠢ ᠦᠨᠡᠨ ᠬᠦ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ︔ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠬᠦᠴᠦᠯᠡᠨ ᠳᠡᠭᠡᠭᠰᠢᠯᠡᠭᠦᠯᠵᠦ᠂ ᠵᠥᠪᠯᠡᠯᠭᠡᠨ ᠤ ᠦᠷ᠎ᠡ ᠪᠦᠲᠦᠭᠡᠯ  ᠢᠶᠠᠨ ᠦᠨᠡᠨ ᠬᠦ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ᠂ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢᠶᠠᠨ ᠰᠠᠶᠢᠲᠤᠷ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠥᠨᠳᠥᠷ ᠲᠦᠪᠰᠢᠨ ᠢᠶᠠᠷ ᠭᠦᠢᠴᠡᠳᠬᠡᠬᠦ ᠪᠠᠷ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号