2 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 4 ᠳ᠋ᠦ᠋ᠭᠡᠷ ᠤᠳᠠᠭᠠᠨ ᠤ ᠪᠠᠶᠢᠩᠭᠤ ᠶᠢᠨ | ᠬᠤᠷᠠᠯ ᠵᠢᠴᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠠᠷᠭ᠎ᠠ | ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠪᠦᠬᠦ | ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠭᠢᠷᠢᠨ ᠮᠤᠵᠢ ᠶᠢᠨ ᠨᠠᠮ ᠤᠨ | ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠢᠯ ᠤᠨ ᠭᠤᠤᠯ ᠰᠢᠵᠢᠮ | ᠪᠤᠯᠭᠠᠬᠤ ᠯᠤᠭ᠎ᠠ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ | ᠠᠳᠬᠤᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ | ᠲᠦᠷᠭᠡᠳᠬᠡᠨ ᠠᠬᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠨ ᠬᠤᠯᠪᠣᠭᠠᠯᠠᠨ ᠰᠢᠢᠳᠪᠦᠷᠢᠯᠡᠬᠦ ᠲᠣᠭᠲᠠᠴᠠ | ᠪᠠᠨ ᠪᠦᠷᠢᠨᠰᠢᠬᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢᠵᠢᠯ ᠤᠨ ᠰᠡᠳᠬᠢᠬᠦᠶ ᠪᠠᠨ | ᠴᠢᠩᠭᠠᠳᠬᠠᠵᠤ᠂ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠪᠠᠨ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ | ᠭᠡᠵᠡᠢ᠃ | ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠵᠢᠴᠢ ︽ᠦᠬᠠᠢ | ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠶᠡᠬᠡᠪᠡᠷ ᠠᠳᠬᠤᠬᠤ ᠠᠵᠢᠯ ᠤᠨ ᠲᠥᠰᠦᠯ︾ ᠵᠡᠷᠭᠡ | ᠪᠢᠴᠢᠭ ᠮᠠᠲ᠋ᠧᠷᠢᠶᠠᠯ ᠢ ᠰᠤᠳᠤᠯᠪᠡ᠃ |