ᠣᠶᠢᠷ᠎ᠠ ᠶᠢᠨ ᠵᠢᠯ ᠠᠴᠠ ᠨᠠᠰᠢ᠂ ᠬᠠᠶᠢᠨᠠᠨ ᠲᠣᠭᠤᠷᠢᠭ ᠤᠨ ᠬᠢᠨ ᠬᠥᠭᠵᠢᠯᠲᠡ ᠶᠢᠨ ᠪᠥᠬᠦ ᠲᠠᠯ᠎ᠠ ᠶᠢ ᠴᠢᠩᠭ᠎ᠠ | ᠠᠩᠬᠠᠷᠴᠤ᠂ ᠺᠠᠳ᠋ᠷᠴᠤᠳ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠢᠯᠡᠳᠦᠯᠭᠡ ᠶᠢᠨ | ᠬᠡᠷᠡᠭᠴᠡᠭᠡ ᠲᠠᠢ ᠨᠢᠭᠲᠠ ᠬᠤᠯᠪᠤᠯᠳᠣᠭᠤᠯᠵᠣ᠂ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠠᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠴᠢᠳᠠᠯ ᠬᠤᠷᠠᠮᠳᠤᠭᠤᠯᠵᠤ ᠥᠭᠪᠡ᠃ | ᠬᠥᠭᠵᠢᠯᠲᠡ ᠶᠢᠨ ᠪᠦᠬᠦ ᠲᠠᠯ᠎ᠠ ᠶᠢ ᠴᠢᠩᠭ᠎ᠠ ᠠᠩᠬᠠᠷᠴᠤ᠂ ᠶᠡᠷᠦᠩᠬᠡᠢ ᠳᠡᠭᠡᠨ ︽ᠨᠢᠭᠡ ᠬᠥᠯᠭᠡ ᠰᠢᠳᠠᠷ᠎ᠠ︾ ᠶᠢ | ᠰᠠᠶᠢᠲᠤᠷ ᠲᠥᠯᠥᠪᠵᠢᠭᠦᠯᠪᠡ᠃ ᠬᠠᠶᠢᠨᠠᠨ ᠲᠣᠭᠤᠷᠢᠭ ᠤᠨ ᠬᠢᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠠᠵᠢᠯ ᠢ | ᠪᠥᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠳᠤ ᠣᠷᠣᠭᠤᠯᠵᠤ᠂ | ᠵᠢᠯ ᠪᠦᠷᠢ ᠳᠤᠮᠳᠠᠴᠢ ᠪᠠᠷ 30 ᠲᠦᠮᠡᠨ ᠲᠥᠭᠦᠷᠢᠭ ᠠᠰ ᠲᠤᠨᠢ ᠰᠠᠯᠭᠠᠵᠤ ᠺᠠᠳ᠋ᠷᠴᠤᠳ ᠤᠨ ᠬᠥᠮᠦᠵᠢᠯ | ᠪᠣᠯᠪᠠᠰᠤᠷᠠᠯ ᠤᠨ ᠲᠤᠰᠬᠠᠶ ᠵᠠᠷᠤᠳᠠᠯ ᠪᠣᠯᠭᠠᠪᠠ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠨᠢᠭᠡᠳᠦᠯᠲᠡᠶ | ᠲᠥᠯᠥᠪᠯᠡᠬᠦ᠂ ᠨᠠᠮ ᠤᠨ ᠰᠤᠷᠭᠠᠭᠤᠯᠢ ᠭᠤᠤᠯᠯᠠᠨ ᠡᠷᠭᠢᠯᠡᠬᠦ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ | ᠪᠣᠯᠪᠠᠰᠤᠷᠠᠯ ᠤᠨ ᠲᠣᠭᠲᠠᠴᠠ ᠪᠠᠨ ᠪᠦᠷᠢᠨᠰᠢᠭᠦᠯᠵᠦ᠂ ︽ᠬᠠᠶᠢᠨᠠᠨ ᠲᠣᠭᠤᠷᠢᠭ ᠤᠨ ᠺᠠᠳ᠋ᠷᠴᠤᠳ ᠤᠨ ᠬᠥᠮᠦᠵᠢᠯ ᠤᠨ | ᠦᠨᠳᠦᠰᠦᠨ ᠪᠣᠯᠪᠠᠰᠤᠷᠠᠯ ᠤᠨ ᠲᠥᠯᠥᠪᠯᠡᠭᠡ︾᠂ ︽ᠬᠠᠶᠢᠨᠠᠨ ᠲᠣᠭᠤᠷᠢᠭ ᠤᠨ ᠨᠠᠮ ᠤᠨ ᠭᠡᠰᠢᠭᠦᠨ ᠤ ᠬᠥᠮᠦᠵᠢᠯ | ᠪᠣᠯᠪᠠᠰᠤᠷᠠᠯ ᠤᠨ ᠠᠵᠢᠯ ᠤᠨ ᠲᠥᠯᠥᠪᠯᠡᠭᠡ︾ ᠶᠢ ᠲᠣᠭᠲᠠᠭᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ ᠶᠢ | ᠪᠠᠷᠢᠮᠲᠠᠯᠠᠬᠤ ᠪᠠᠷ ᠪᠠᠷᠠᠬᠤ ᠥᠬᠡᠶ ᠪᠠᠰᠠ ᠲᠤᠰᠬᠠᠶ ᠰᠡᠳᠦᠪ᠂ ᠬᠦᠷᠢᠶ᠎ᠡ ᠴᠠᠷᠠᠭ᠎ᠠ ᠬᠤᠪᠢᠶᠠᠨ ᠭᠦᠨᠵᠡᠭᠡᠶ ᠰᠤᠷᠤᠯᠴᠠᠵᠤ᠂ | ᠬᠥᠮᠦᠵᠢᠯ ᠪᠣᠯᠪᠠᠰᠤᠷᠠᠯ ᠤᠨ ᠪᠥᠬᠦ ᠠᠵᠢᠯᠲᠠᠨ ᠢ ᠬᠠᠮᠤᠷᠬᠤ ᠶᠢ ᠪᠡᠶᠡᠯᠡᠭᠦᠯᠵᠦ᠂ ᠤᠯᠤᠰ ᠲᠥᠷᠥ ᠶᠢᠨ ᠣᠨᠣᠯ ᠪᠠ | ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠪᠡ᠃ 2024 ᠣᠨ ᠠᠴᠠ ᠨᠠᠰᠢ᠂ ᠪᠥᠬᠦ ᠲᠤᠭᠤᠷᠢᠭ ᠲᠤ ᠡᠯ᠎ᠡ ᠲᠥᠷᠥᠯ ᠤᠨ ᠭᠤᠤᠯ ᠴᠣᠭᠴᠠ ᠶᠢᠨ | ᠠᠩᠭᠢ ᠶᠢ ᠨᠡᠶᠢᠲᠡ 39 ᠬᠤᠭᠤᠴᠠᠭ᠎ᠠ ᠡᠷᠭᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠨᠡᠶᠢᠲᠡ 7200 ᠭᠠᠷᠤᠶ | ᠬᠥᠮᠦᠨ ᠤᠳᠠᠭ᠎ᠠ ᠪᠣᠯᠪᠠᠰᠤᠷᠠᠭᠤᠯᠪᠠ᠃ | ᠺᠠᠳ᠋ᠷ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠥᠷᠥᠯ ᠬᠤᠪᠢᠶᠠᠨ ᠵᠢᠭᠠᠨ ᠰᠤᠷᠭᠠᠬᠤ | ︽ᠰᠣᠳᠣᠨ ᠠᠷᠭ᠎ᠠ︾ ᠭᠠᠷᠭᠠᠪᠠ᠃ ᠬᠠᠶᠢᠨᠠᠨ ᠲᠣᠭᠤᠷᠢᠭ ᠤᠨ ᠬᠢᠨ ᠭᠤᠣᠯᠳᠠᠯᠭ᠎ᠠ ᠶᠢ ᠠᠳᠬᠤᠬᠤ᠂ ᠦᠨᠳᠦᠰᠦᠨ | ᠪᠠᠲᠤᠯᠠᠭ᠎ᠠ ᠶᠢ ᠠᠳᠬᠤᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠣᠷᠣᠯᠴᠠᠵᠤ ᠡᠭᠡᠯᠵᠢᠯᠡᠨ ᠪᠣᠯᠪᠠᠰᠤᠷᠠᠭᠤᠯᠬᠤ ᠶᠢ ᠱᠠᠳᠤ ᠬᠤᠪᠢᠶᠠᠨ | ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠶᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ︵ᠵᠠᠰᠠᠭ ᠵᠠᠬᠢᠷᠭᠠᠨ ᠤ ᠰᠤᠷᠭᠠᠭᠤᠯᠢ︶ ᠶᠢᠨ ᠭᠤᠣᠯ ᠴᠣᠭᠴᠠ ᠶᠢᠨ ᠠᠩᠬᠢ ᠶᠢᠨ ᠴᠢᠬᠤᠯᠠ ᠠᠭᠤᠯᠭ᠎ᠠ ᠪᠣᠯᠭᠠᠵᠤ᠂ ᠪᠦᠬᠦ | ᠲᠤᠭᠤᠷᠢᠭ ᠤᠨ ᠰᠠᠯᠠᠭᠠᠨ ᠤ ᠲᠡᠰ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠬᠤᠯᠪᠤᠭᠳᠠᠯ ᠪᠦᠬᠦᠢ ᠰᠤᠳᠤᠯᠤᠨ ᠶᠠᠷᠢᠯᠴᠠᠬᠤ ᠠᠩᠬᠢ ᠪᠣᠯᠤᠨ ᠡᠭᠡᠯᠵᠢᠯᠡᠨ ᠪᠣᠯᠪᠠᠰᠤᠷᠠᠭᠤᠯᠬᠤ ᠠᠩᠬᠢ ᠶᠢ ᠡᠷᠬᠢᠯᠡᠵᠦ᠂ | ᠰᠠᠯᠠᠭᠠᠨ ᠤ ᠲᠡᠰ ᠤᠨ ᠤᠳᠤᠷᠢᠳᠬᠤ ᠺᠠᠳ᠋ᠷ᠂ ᠵᠤᠬᠢᠬᠤ ᠲᠤᠰᠢᠶᠠᠯ ᠤᠨ ᠲᠡᠰ ᠤᠨ ᠠᠯᠪᠠᠲᠠᠨ ᠵᠢᠴᠢ 2023 | ᠣᠨ ᠠᠴᠠ ᠨᠠᠰᠢᠬᠢ ᠰᠢᠨ᠎ᠡ ᠪᠠᠷ ᠡᠯᠰᠡᠭᠰᠡᠨ ᠠᠯᠪᠠᠲᠠᠨ ︵ᠰᠣᠩᠭᠤᠨ ᠲᠣᠮᠢᠯᠠᠭᠰᠠᠨ ᠰᠤᠷᠤᠭᠴᠢ︶ ᠢ ᠬᠤᠭᠤᠴᠠᠭ᠎ᠠ | ᠪᠦᠯᠦᠭ ᠬᠤᠪᠢᠶᠠᠨ ᠡᠭᠡᠯᠵᠢᠯᠡᠨ ᠪᠣᠯᠪᠠᠰᠤᠷᠠᠭᠤᠯᠵᠤ᠂ 400 ᠭᠠᠷᠤᠢ ᠬᠦᠮᠦᠨ ᠢ ᠬᠠᠮᠤᠷᠪᠠ᠃ | ᠦᠢᠯᠡᠳᠦᠯᠭᠡ ᠶᠢᠨ ᠬᠡᠷᠡᠭᠴᠡᠭᠡ ᠲᠠᠢ ᠨᠢᠭᠲᠠ ᠬᠤᠯᠪᠤᠯᠳᠣᠭᠤᠯᠵᠣ᠂ ᠰᠤᠷᠤᠯᠴᠠᠬᠤ ᠪᠠᠷ ᠠᠵᠢᠯᠯᠠᠬᠤ ᠶᠢ | ᠠᠬᠢᠭᠤᠯᠬᠤ ︽ᠰᠢᠨ᠎ᠡ ᠬᠥᠳᠡᠯᠭᠡᠬᠦ ᠡᠨᠧᠷᠭᠢ︾ ᠶᠢ ᠪᠤᠶᠢᠵᠢᠭᠤᠯᠪᠡ᠃ ᠬᠠᠶᠢᠨᠠᠨ ᠲᠣᠭᠤᠷᠢᠭ ᠤᠨ ᠬᠢᠨ ᠬᠡᠷᠡᠭᠴᠡᠭᠡ | ᠶᠣᠰᠣᠭᠠᠷ ᠵᠢᠭᠠᠨ ᠰᠤᠷᠭᠠᠬᠤ ᠵᠠᠷᠴᠢᠮ ᠢ ᠪᠠᠷᠢᠮᠲᠠᠯᠠᠵᠤ᠂ ᠡᠨᠡ ᠵᠢᠯ ᠤᠨ ᠡᠬᠢᠨ ᠳᠤ ᠪᠣᠯᠪᠠᠰᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠪᠦᠷᠢᠳᠬᠡᠵᠤ᠂ 20 ᠭᠠᠷᠤᠢ ᠵᠤᠷᠪᠤᠰ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ᠂ ︽ᠲᠠᠪᠤᠨ ᠶᠡᠭᠡ | ᠡᠭᠦᠷᠭᠡ︾ ᠶᠢᠨ ᠡᠨᠧᠷᠭᠢ ᠣᠯᠭᠤᠬᠤ ᠪᠣᠯᠪᠠᠰᠤᠷᠠᠯ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠬᠢᠴᠢᠶᠡᠯ ᠢ 20 ᠭᠠᠷᠤᠢ ᠬᠤᠭᠤᠴᠠᠭ᠎ᠠ ᠡᠮᠬᠢᠯᠡᠨ | ᠪᠦᠷᠢᠯᠳᠦᠭᠦᠯᠪᠡ᠃ ᠲᠤᠭᠤᠷᠢᠭ ᠤᠨ ᠪᠠᠶᠢᠳᠠᠯ ᠤᠨ ᠬᠥᠮᠦᠵᠢᠯ ᠤᠨ ᠰᠢᠷᠢᠰ ᠬᠢᠴᠢᠶᠡᠯ ᠢ ᠪᠦᠬᠦ ᠬᠦᠴᠦᠨ ᠢᠶᠠᠷ ᠢᠶᠠᠨ | ᠴᠣᠭᠴᠠᠯᠠᠵᠤ᠂ ︽ᠤᠳᠤᠷᠢᠳᠬᠤ ᠺᠠᠳ᠋ᠷᠴᠣᠳ ᠶᠠᠷᠢᠶᠠᠨ ᠤ ᠲᠠᠪᠴᠠᠩ ᠳᠤ ᠭᠠᠷᠬᠤ︾ ᠪᠠᠷ ᠭᠠᠷᠳᠠᠴᠠ ᠪᠣᠯᠭᠠᠵᠤ᠂ | ᠤᠳᠤᠷᠢᠳᠬᠤ ᠺᠠᠳ᠋ᠷᠴᠣᠳ ᠤᠨ ᠤᠨᠤᠯ ᠤᠨ ᠬᠢᠷᠢ ᠲᠦᠪᠰᠢᠨ ᠥᠨᠳᠥᠷ᠂ ᠬᠠᠷᠠᠭᠠᠰᠤ ᠰᠡᠳᠬᠢᠴᠡ ᠲᠣᠳᠣᠷᠬᠠᠢ᠂ | ᠦᠢᠯᠡᠳᠦᠯᠭᠡ ᠶᠢᠨ ᠲᠤᠷᠰᠢᠯᠭ᠎ᠠ ᠭᠦᠢᠴᠡᠳ ᠵᠡᠷᠭᠡ ᠳᠠᠪᠠᠭᠤᠯᠢᠭ ᠢ ᠨᠢ ᠭᠦᠢᠴᠡᠳ ᠪᠠᠳᠠᠷᠠᠭᠤᠯᠵᠤ᠂ ᠭᠤᠣᠯ | ᠴᠣᠭᠴᠠ ᠶᠢᠨ ᠠᠩᠬᠢ ᠨᠢᠭᠡᠪᠦᠷᠢ ᠳᠤ 1 ᠠᠴᠠ 2 ᠲᠣᠭᠤᠷᠢᠭ ᠤᠨ ᠪᠠᠶᠢᠳᠠᠯ ᠤᠨ ᠬᠥᠮᠦᠵᠢᠯ ᠤᠨ ᠬᠢᠴᠢᠶᠡᠯ ᠢ | ᠲᠤᠬᠢᠷᠠᠭᠤᠯᠵᠤ᠂ ᠪᠣᠯᠪᠠᠰᠤᠷᠠᠯ ᠳᠤ ᠣᠷᠣᠯᠴᠠᠭᠰᠠᠳ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠬᠦ ᠤᠬᠠᠮᠰᠠᠷ ᠢ ᠨᠢ ᠴᠢᠨᠠᠭᠰᠢᠳᠠ ᠴᠢᠩᠭᠠᠳᠬᠠᠪᠡ᠃ |