ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ  ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2025/2/21
     2 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ 21 ᠳ᠋ᠦ᠋ᠭᠡᠷ ᠣᠳᠠᠭᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ  ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠷᠳᠤᠴᠠ ᠪᠠᠨ ᠲᠦᠷᠭᠡᠳᠭᠡᠨ ᠬᠢᠨᠠᠨ ᠵᠥᠪᠰᠢᠶᠡᠷᠡᠬᠦ᠂ ᠰᠢᠨ᠎ᠡ ᠶᠢ ᠡᠭᠦᠳᠬᠦ ᠶᠢ ᠳᠡᠮᠵᠢᠬᠦ ᠵᠡᠷᠭᠡ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠳᠡᠢ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠣᠱᠯᠠᠭᠤᠯᠵᠤ᠂ ᠰᠤᠷᠲᠠᠯ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠥᠬᠦ ᠤᠯᠤᠰ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠵᠡᠷᠭᠡ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠳᠣᠪᠤᠶᠢᠯᠭᠠᠨ᠂ ᠭᠠᠳᠠᠭᠠᠳᠤ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠢ ᠪᠠᠷ ᠦᠢᠯᠡᠳᠦᠯᠭᠡ ᠶᠢᠨ ᠰᠦᠪᠡᠭᠴᠢᠯᠡᠯᠳᠡ ᠬᠢᠵᠦ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠣᠳᠣᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号