ᠬᠠᠶᠢᠨᠠᠨ ᠲᠣᠭᠤᠷᠢᠭ DeepSeek ᠶᠢ ᠨᠢᠭᠡᠨᠲᠡ ᠵᠠᠰᠠᠭ ᠤᠨ ᠶᠠᠪᠤᠳᠠᠯ ᠤᠨ ᠰᠢᠰᠲ᠋ᠧᠮ ᠳᠤ ᠬᠡᠷᠡᠭᠯᠡᠪᠡ
ᠨᠡᠶᠢᠲᠡᠯᠡᠭᠰᠡᠨ ᠴᠠᠭ᠄
2025/2/24
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠶᠢᠨ ᠲᠥᠯᠥᠭᠡ᠂ ᠣᠶᠢᠷ᠎ᠠ ᠳᠤ᠂ ᠬᠠᠶᠢᠨᠠᠨ ᠲᠣᠭᠤᠷᠢᠭ ᠤᠨ  ᠬᠢᠨ DeepSeek ᠵᠣᠬᠢᠶᠠᠮᠠᠯ ᠣᠶᠤᠨᠲᠤ ᠴᠢᠳᠠᠪᠤᠷᠢ ᠶᠢᠨ ᠲᠠᠪᠴᠠᠩ ᠢ ᠲᠤᠰ ᠭᠠᠵᠠᠷᠴᠢᠯᠠᠨ ᠪᠠᠶᠢᠷᠢᠯᠠᠭᠤᠯᠬᠤ ᠶᠢ ᠠᠮᠵᠢᠯᠲᠠ ᠲᠠᠢ ᠪᠡᠶᠡᠯᠡᠭᠦᠯᠪᠡ᠂ ᠡᠨᠡ ᠨᠢ ᠬᠠᠶᠢᠨᠠᠨ ᠲᠣᠭᠤᠷᠢᠭ ᠤᠨ ︽ᠵᠠᠰᠠᠭ ᠤᠨ ᠶᠠᠪᠤᠳᠠᠯ ᠤᠨ ᠦᠢᠯᠡᠴᠢᠯᠡᠭᠡ+ AI︾ ᠬᠦᠷᠢᠶᠡᠨ ᠤ ᠲᠠᠯ᠎ᠠ ᠪᠠᠷ ᠪᠠᠲᠤ ᠴᠢᠩᠭ᠎ᠠ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠬᠤᠰᠢᠭᠤ ᠰᠢᠶᠠᠨ ᠤ ᠱᠠᠲᠤᠨ ᠤ ︽ᠵᠠᠰᠠᠭ ᠤᠨ ᠶᠠᠪᠤᠳᠠᠯ ᠤᠨ ᠦᠢᠯᠡᠴᠢᠯᠡᠭᠡ+ AI︾ ᠶᠢᠨ ᠰᠢᠨ᠎ᠡ ᠬᠡᠪ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠴᠣᠭᠴᠠᠯᠠᠭᠰᠠᠨ ᠢ ᠬᠠᠷᠠᠭᠤᠯᠵᠤ ᠪᠠᠶᠢᠨ᠎ᠠ᠃      ᠬᠠᠶᠢᠨᠠᠨ ᠲᠣᠭᠤᠷᠢᠭ ᠤᠨ ᠬᠢᠨ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠪᠠ ᠪᠤᠳᠤᠬᠤ ᠠᠷᠭ᠎ᠠ ᠶᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠳ᠋ᠡᠶᠢᠲ᠋ᠠ ᠶᠢᠨ ᠠᠭᠤᠰᠤᠯᠴᠠᠯ ᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠬᠥᠭᠵᠢᠭᠡᠵᠦ᠂ ᠨᠢᠭᠡᠳᠦᠯᠲᠡᠢ ᠳ᠋ᠡᠶᠢᠲ᠋ᠠ ᠶᠢᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠵᠤ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠡᠪᠳᠡᠵᠦ᠂ AI ᠪᠠᠷ ᠬᠥᠳᠡᠯᠭᠡᠭᠦᠷ ᠪᠤᠯᠭᠠᠵᠤ ᠤᠨᠢᠨ ᠳᠡᠭᠡᠷ᠎ᠡ ᠨᠢ ᠦᠢᠯᠡᠴᠢᠯᠡᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠡᠭᠦᠨ ᠤ ᠵᠡᠷᠭᠡ ᠳᠤ᠂ ᠵᠣᠬᠢᠶᠠᠮᠠᠯ ᠣᠶᠤᠨᠲᠤ ᠴᠢᠳᠠᠪᠤᠷᠢ ᠶᠢᠨ ᠲᠠᠪᠴᠠᠩ  ᠢ ᠲᠤᠰ ᠭᠠᠵᠠᠷᠴᠢᠯᠠᠨ ᠪᠠᠶᠢᠷᠢᠯᠠᠭᠤᠯᠤᠭᠰᠠᠨ ᠨᠢ ᠳ᠋ᠡᠶᠢᠲ᠋ᠠ ᠶᠢᠨ ᠡᠷᠬᠡ ᠮᠡᠳᠡᠯ ᠪᠠ ᠬᠤᠪᠢ ᠶᠢᠨ ᠨᠢᠭᠤᠴᠠ ᠶᠢᠨ ᠠᠮᠤᠷ ᠲᠦᠪᠰᠢᠨ ᠢ ᠪᠠᠲᠤᠯᠠᠵᠤ᠂ ᠰᠦᠯᠵᠢᠶᠡᠨ ᠤ ᠣᠷᠴᠢᠨ ᠲᠤᠭᠤᠷᠢᠨ ᠲᠣᠬᠢᠷᠠᠭᠤᠯᠬᠤ ᠴᠢᠬᠤᠯᠠ ᠦᠭᠡᠢ ᠪᠣᠯᠵᠤ᠂ ᠵᠠᠰᠠᠭ ᠤᠨ ᠶᠠᠪᠤᠳᠠᠯ ᠤᠨ ᠳ᠋ᠡᠶᠢᠲ᠋ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠡᠵᠡᠮᠳᠡᠵᠦ ᠪᠣᠯᠬᠤ᠂ ᠮᠥᠷᠳᠡᠵᠦ ᠪᠣᠯᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃      ᠬᠠᠶᠢᠨᠠᠨ ᠲᠣᠭᠤᠷᠢᠭ ᠤᠨ ᠬᠢᠨ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠣᠬᠢᠶᠠᠮᠠᠯ ᠣᠶᠤᠨᠴᠢ ᠮᠡᠷᠭᠡᠵᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠢᠳᠡᠪᠬᠢᠲᠡᠢ ᠰᠦᠪᠡᠭᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠨ ᠣᠶᠤᠨᠴᠢᠯᠠᠬᠤ᠂ ᠳᠥᠭᠦᠮ ᠳᠥᠲᠡ ᠪᠤᠯᠭᠠᠬᠤ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠪᠡ᠃ ᠲᠣᠰ ᠤᠳᠠᠭᠠᠨ ᠤ ᠲᠣᠰ ᠭᠠᠵᠠᠷᠴᠢᠯᠠᠨ ᠪᠠᠶᠢᠷᠢᠯᠠᠭᠤᠯᠤᠯᠳᠠ ᠳᠤ᠂ ᠬᠠᠶᠢᠨᠠᠨ ᠲᠣᠭᠤᠷᠢᠭ ᠤᠨ ᠬᠢᠨ DeepSeek ᠵᠣᠬᠢᠶᠠᠮᠠᠯ ᠣᠶᠤᠨᠲᠤ ᠴᠢᠳᠠᠪᠤᠷᠢ ᠶᠢᠨ ᠲᠠᠪᠴᠠᠩ ᠢ ᠣᠲᠣ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠭᠦᠨᠵᠡᠭᠡᠢ ᠠᠭᠤᠰᠤᠯᠴᠠᠭᠤᠯᠵᠤ᠂ ᠣᠶᠤᠨᠴᠢ ᠦᠢᠯᠡᠴᠢᠯᠡᠭᠡ᠂ ᠣᠶᠤᠨᠴᠢ ᠬᠢᠨᠠᠨ ᠵᠥᠪᠰᠢᠶᠡᠷᠡᠯ᠂ ᠣᠶᠤᠨᠴᠢ ᠪᠠᠷ ᠬᠥᠲᠥᠯᠥᠨ ᠵᠢᠯᠤᠭᠤᠳᠴᠦ ᠬᠦᠢᠴᠡᠳᠭᠡᠬᠦ᠂ ᠳ᠋ᠡᠶᠢᠲ᠋ᠠ ᠶᠢᠨ ᠵᠠᠳᠠᠯᠤᠯᠲᠠ ᠵᠡᠷᠭᠡ ᠦᠢᠯᠡᠴᠢᠯᠡᠭᠡ ᠶᠢ ᠪᠡᠶᠡᠯᠡᠭᠦᠯᠪᠡ᠃      ᠬᠠᠶᠢᠨᠠᠨ ᠲᠣᠭᠤᠷᠢᠭ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠯᠢ ᠯᠢᠶᠠᠩ ᠢᠯᠡᠷᠭᠡᠶᠢᠯᠡᠭᠰᠡᠨ ᠨᠢ᠂ ᠪᠢᠳᠡ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠰᠢᠯᠢᠳᠡᠭ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠲᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠬᠢᠨ DeepSeek ᠵᠣᠬᠢᠶᠠᠮᠠᠯ ᠣᠶᠤᠨᠲᠤ ᠴᠢᠳᠠᠪᠤᠷᠢ ᠶᠢᠨ ᠲᠠᠪᠴᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡᠨ ᠤ ᠲᠠᠯᠠᠪᠤᠷ ᠢ ᠲᠠᠰᠤᠷᠠᠯᠲᠠ ᠦᠭᠡᠢ ᠥᠷᠭᠡᠳᠬᠡᠵᠦ᠂ ᠨᠠᠩ ᠣᠯᠠᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ ᠣᠶᠤᠨᠴᠢᠯᠠᠭᠰᠠᠨ ᠬᠡᠷᠡᠭᠯᠡᠭᠡ ᠶᠢ ᠪᠣᠶ ᠪᠣᠯᠭᠠᠵᠤ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号