2 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ | ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠨᠠᠮ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠢᠮᠠᠭᠲᠠ ᠵᠥᠪ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠥᠭᠵᠢᠯᠲᠡ ᠶᠢ | ᠠᠬᠢᠭᠤᠯᠬᠤ᠂ ᠵᠠᠰᠠᠯᠲᠠ ᠶᠢ ᠴᠢᠩᠭᠠᠳᠬᠠᠬᠤ᠂ ᠰᠤᠷᠲᠠᠯ ᠢᠶᠠᠨ ᠬᠤᠪᠢᠷᠠᠭᠤᠯᠬᠤ︾ ᠠᠵᠢᠯ ᠢ ᠥᠷᠨᠢᠭᠦᠯᠬᠦ ᠪᠠᠷ ᠭᠠᠷᠳᠠᠴᠠ | ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠭᠤᠣᠯ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠪᠡᠶᠡᠯᠡᠭᠦᠯᠬᠦ ᠳᠤ | ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠬᠢᠨᠠᠯᠲᠠ ᠬᠠᠮᠢᠶᠠᠷᠣᠯᠳᠠ ᠶᠢ | ᠴᠢᠩᠭ᠎ᠠ ᠠᠳᠬᠤᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠨᠠᠮ ᠤᠨ ᠭᠡᠰᠢᠭᠦᠨ | ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠨᠢ ᠬᠥᠭᠵᠢᠭᠡᠬᠦ ᠬᠡᠷᠡᠭᠲᠡᠢ᠃ ︽ᠳᠠᠷᠤᠭᠠᠰᠤ ᠶᠢ ᠨᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠨᠢ | ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ ᠱᠠᠭᠠᠷᠳᠠᠬᠤ︾ ᠡᠯ᠎ᠡ ᠵᠦᠢᠯ ᠤᠨ ᠠᠵᠢᠯ ᠢ ᠨᠢᠭᠡ | ᠴᠤᠬᠴᠠᠵᠢᠭᠤᠯᠤᠨ ᠠᠬᠢᠭᠤᠯᠵᠤ᠂ ᠦᠨᠳᠦᠰᠦᠨ ᠱᠠᠲᠤᠨ ᠤ ᠺᠠᠳ᠋ᠷ ᠢ ᠨᠡᠩ ᠤᠯᠠᠨ ᠴᠠᠭ ᠪᠠ ᠤᠶᠤᠨ ᠴᠢᠳᠠᠯ ᠢᠶᠠᠷ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2025 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ | ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ | ᠲᠤᠪᠤᠶᠢᠯᠭᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠠᠮ ᠤᠨ ᠭᠠᠳᠠᠨᠠᠬᠢ ᠬᠥᠮᠦᠰ ᠤᠨ | ᠡᠩᠨᠡᠭᠡᠨ ᠤ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠮᠠᠨ ᠤ ᠬᠤᠲᠠ ᠶᠢᠨ ᠨᠢᠭᠡᠳᠦᠮᠡᠯ ᠹᠷᠣᠨᠲ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ 2024 ᠣᠨ ᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠤᠭᠳᠠᠯ ᠪᠦᠬᠦᠢ | ᠠᠵᠢᠯ ᠳᠤ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠣᠳᠣᠯᠪᠠ᠃ |