2 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠯᠢᠶᠣᠤᠨᠢᠩ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠵᠢᠷᠭᠤᠭᠠᠨ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠪᠠᠶᠢᠳᠠᠯ ᠳᠤ ᠲᠦᠷᠭᠡᠨ ᠣᠷᠣᠵᠤ᠂ ᠬᠠᠷᠢᠭᠤᠴᠠᠯᠭ᠎ᠠ ᠶᠢᠨ ᠬᠡᠯᠬᠢᠶ᠎ᠡ ᠪᠠᠨ | ᠴᠢᠩᠭᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠥᠭᠡᠷᠡᠴᠢᠯᠡᠯᠲᠡ ᠨᠡᠭᠡᠭᠡᠯᠲᠡ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠰᠣᠶᠣᠯ ᠤᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠡᠭᠦᠷᠭᠡ ᠶᠢ ᠲᠦᠷᠭᠡᠳᠬᠡᠨ | ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ | ᠠᠳᠬᠤᠵᠤ᠂ ᠨᠢᠭᠡᠳᠦᠭᠡᠷ ᠤᠯᠠᠷᠢᠯ ᠳᠤ ︽ᠲᠣᠭᠲᠠᠭᠤᠨ ᠡᠭᠢᠯᠡᠯᠳᠡ︾ ︽ᠰᠠᠶᠢᠨ ᠡᠬᠢᠯᠡᠯᠲᠡ︾ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ︽ᠵᠢᠷᠭᠤᠭᠠᠨ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠢ ᠰᠤᠳᠤᠯᠵᠤ᠂ ᠡᠯ᠎ᠡ ᠲᠦᠷᠦᠭᠦᠯᠡᠨ | ᠠᠳᠬᠤᠬᠤ ᠣᠳᠣᠷᠢᠳᠣᠯᠭ᠎ᠠ ᠪᠠ ᠰᠠᠯᠠᠭ᠎ᠠ ᠮᠥᠴᠢᠷ ᠤᠨ ᠬᠢᠨ ᠦᠬᠠᠢ ᠶᠢᠨ ᠪᠣᠳᠠᠲᠠᠢ ᠲᠠᠢ ᠤᠶᠠᠯᠳᠤᠭᠤᠯᠤᠨ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠬᠤᠪᠢᠶᠠᠷᠢᠯᠠᠯ ᠢᠶᠠᠨ ᠤᠯᠠᠮ | ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠥᠷᠳᠡᠨ ᠲᠤᠬᠢᠷᠠᠭᠤᠯᠵᠤ᠂ ᠬᠠᠮᠵᠢᠯᠴᠠᠨ | ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠦᠬᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ︽ᠦᠬᠠᠢ ᠬᠤᠳᠠ ᠶᠢᠨ 2025 ᠣᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠶᠡᠬᠡᠪᠡᠷ ᠠᠬᠢᠭᠤᠯᠬᠤ ᠠᠵᠢᠯᠯᠠᠭ᠎ᠠ ᠶᠢᠨ ᠲᠥᠰᠦᠯ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠢ | ᠰᠤᠳᠤᠯᠪᠡ᠃ |