ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠦ  ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2025/2/8
     2 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠡᠷᠢᠭ ᠠᠩᠭᠢ ᠶᠢ ᠪᠠᠶᠢᠴᠠᠭᠠᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠬᠠᠶ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠣᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ︽ᠦᠨᠡᠨ︾ ᠰᠡᠳᠬᠦᠯ  ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠠᠭ ᠢᠮᠠᠭᠲᠠ ᠴᠢᠬᠤᠯᠠᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠯᠢᠳᠡᠭ ᠭᠡᠷ ᠤᠨ ᠰᠤᠷᠲᠠᠯ ᠢ ᠬᠥᠮᠦᠵᠢᠭᠦᠯᠵᠦ᠂ ᠨᠡᠶᠢᠭᠡᠮ ᠤᠨ ᠬᠡᠪ ᠰᠤᠷᠲᠠᠯ ᠢ ᠬᠦᠳᠦᠯᠦᠨ ᠳᠠᠭᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号