ᠬᠠᠶᠢᠷᠤᠪ ᠤᠨ ᠲᠤᠬᠤᠢ ᠲᠣᠭᠤᠷᠢᠭ ᠬᠤᠳᠠ ᠶᠢᠨ ᠲᠣᠭᠤᠷᠢᠭ ᠤᠨ ᠬᠤᠭ ᠨᠣᠪᠰᠢ ᠶᠢ ᠴᠡᠪᠡᠷᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/11
     ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠲᠣᠭᠤᠷᠢᠭ ᠤᠨ ᠬᠤᠴᠢᠯᠭ᠎ᠠ ᠦᠭᠡᠢ ᠭᠠᠵᠠᠷ ᠰᠢᠷᠣᠶ᠂ ᠴᠡᠪᠡᠷᠯᠡᠭᠳᠡᠭᠰᠡᠨ ᠦᠭᠡᠢ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠬᠤᠭ ᠨᠣᠪᠰᠢ ᠶᠢ ᠴᠡᠪᠡᠷᠯᠡᠬᠦ ᠠᠵᠢᠯᠯᠠᠭ᠎ᠠ ᠥᠷᠨᠢᠭᠦᠯᠵᠦ᠂ 1 ᠰᠠᠷ᠎ᠠ ᠠᠴᠠ ᠨᠠᠰᠢ᠂ ᠡᠯ᠎ᠡ ᠲᠥᠷᠥᠯ ᠤᠨ ᠬᠤᠭ ᠨᠣᠪᠰᠢ ᠶᠢ ᠨᠡᠶᠢᠲᠡ 2200 ᠭᠠᠷᠤᠶ ᠲᠣᠨ ᠴᠡᠪᠡᠷᠯᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠲᠣᠭᠤᠷᠢᠭ ᠤᠨ ᠬᠤᠭ ᠨᠣᠪᠰᠢ ᠣᠪᠣᠭᠠᠯᠠᠵᠤ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠴᠢᠭ ᠲᠣᠭᠲᠠᠭᠠᠨ ᠪᠠᠶᠢᠴᠠᠭᠠᠵᠤ᠂ ᠡᠯ᠎ᠡ ᠭᠠᠵᠠᠷ ᠤᠨ ᠬᠤᠭ ᠨᠣᠪᠰᠢ ᠶᠢ ᠪᠦᠷᠢᠳᠬᠡᠭᠰᠡᠨ ᠤ ᠳᠠᠷᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠪᠡ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠤᠪᠴᠢᠶ᠎ᠠ ᠭᠠᠵᠠᠷ ᠰᠢᠷᠣᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠪᠠᠶᠢᠭᠤᠯᠤᠨ ᠪᠦᠷᠢᠨᠰᠢᠬᠦᠯᠵᠦ᠂ ᠡᠯ᠎ᠡ ᠵᠦᠢᠯ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠷᠭᠡᠨ ᠤᠯᠠᠨ ᠲᠦᠮᠡᠨ ᠳᠤ ᠠᠷᠢᠭᠤᠨ ᠴᠡᠪᠡᠷ᠂ ᠴᠡᠪᠡᠷ ᠴᠡᠮᠴᠡᠭᠡᠷ᠂ ᠭᠤᠶᠤ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号