3 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠼᠦᠢ ᠵᠢᠩ ᠶᠢᠩ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ | ᠫᠢᠩ ᠣᠷᠣᠯᠴᠠᠪᠠ᠃ | ᠼᠦᠢ ᠵᠢᠩ ᠶᠢᠩ ᠨᠡᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠵᠢᠷᠭᠤᠳᠤᠭᠠᠷ | ᠬᠡᠦᠬᠡᠳ ᠤᠨ ᠴᠡᠴᠡᠷᠯᠢᠭ᠂ ᠬᠤᠳᠠ ᠶᠢᠨ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ᠂ ᠬᠤᠳᠠ ᠶᠢᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠵᠡᠷᠭᠡ ᠭᠠᠵᠠᠷ ᠲᠤ ᠬᠦᠷᠴᠦ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠶᠠᠷᠢᠯᠴᠠᠬᠤ ᠬᠤᠷᠠᠯ | ᠳᠡᠭᠡᠷ᠎ᠡ᠂ ᠬᠤᠷᠠᠯ ᠳᠤ ᠣᠷᠣᠯᠴᠠᠭᠰᠠᠨ ᠰᠤᠷᠭᠠᠭᠤᠯᠢ ᠶᠢᠨ ᠵᠠᠬᠢᠷᠤᠯ᠂ ᠡᠯ᠎ᠡ ᠲᠣᠭᠤᠷᠢᠭ ᠤᠨ ᠰᠤᠷᠭᠠᠨ ᠬᠥᠮᠦᠵᠢᠯ ᠤᠨ | ᠲᠤᠪᠴᠢᠶᠠᠨ ᠤ ᠳᠠᠷᠤᠭ᠎ᠠ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠪᠠ ᠰᠤᠷᠭᠠᠭᠤᠯᠢ ᠶᠢᠨ ᠵᠠᠬᠢᠷᠤᠯ᠂ | ᠪᠠᠭᠰᠢ᠂ ᠵᠢᠭᠠᠨ ᠰᠤᠳᠤᠯᠤᠭᠴᠢ ᠶᠢᠨ ︽ᠭᠤᠷᠪᠠᠨ ᠡᠩᠨᠡᠭᠡ︾ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ | ᠲᠣᠭᠤᠷᠢᠨ ᠳᠤ ᠪᠣᠳᠠᠲᠠᠶ ᠠᠰᠠᠭᠤᠳᠠᠯ ᠪᠠ ᠰᠠᠨᠠᠭᠤᠯᠭ᠎ᠠ ᠳᠤᠷᠠᠳᠪᠠ᠃ ᠼᠦᠢ ᠵᠢᠩ ᠶᠢᠩ ᠰᠣᠨᠣᠰᠬᠤ ᠶᠢᠨ ᠳᠠᠭᠠᠤ | ᠲᠡᠮᠳᠡᠭᠯᠡᠵᠦ᠂ ᠪᠠᠶᠢᠨ ᠪᠠᠶᠢᠨ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ | ᠼᠦᠢ ᠵᠢᠩ ᠶᠢᠩ ᠬᠡᠯᠡᠭᠰᠡᠨ ᠨᠢ᠂ ᠰᠤᠷᠭᠠᠨ ᠬᠥᠮᠦᠵᠢᠯ ᠢ ᠤᠷᠢᠳᠠᠪᠡᠷ ᠬᠥᠭᠵᠢᠭᠦᠯᠬᠦ ᠪᠠᠶᠢᠷᠢᠨ ᠳᠤ | ᠲᠠᠯᠪᠢᠬᠤ ᠶᠢ ᠢᠮᠠᠭᠲᠠ ᠲᠣᠣᠱᠯᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠪᠠᠷ ᠠᠵᠠ ᠲᠣᠬᠢᠶᠠᠯ | ᠪᠣᠯᠭᠠᠵᠤ᠂ ᠴᠢᠨᠠᠷ ᠰᠠᠶᠢᠲᠠᠢ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠢ ᠬᠤᠯᠪᠣᠭᠠᠯᠠᠨ ᠬᠥᠮᠦᠵᠢᠭᠦᠯᠬᠦ | ᠵᠡᠷᠭᠡ ᠲᠠᠯ᠎ᠠ ᠪᠠᠷ ᠬᠢ ᠭᠦᠨᠵᠡᠭᠡᠢ ᠬᠠᠮᠲᠤᠷᠠᠯᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ | ᠬᠤᠳᠠ ᠶᠢᠨ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ᠃ | ︽ᠭᠤᠷᠪᠠᠨ ᠡᠩᠨᠡᠭᠡ︾ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠭᠠᠨ ᠬᠥᠮᠦᠵᠢᠯ ᠤᠨ | ᠴᠢᠳᠠᠪᠤᠷᠢᠲᠠᠨ ᠢ ︽ᠣᠷᠣᠭᠤᠯᠬᠤ ᠬᠦᠮᠦᠵᠢᠬᠦᠯᠬᠦ ᠦᠯᠡᠳᠡᠭᠡᠬᠦ ᠬᠡᠷᠡᠭᠯᠡᠬᠦ︾ ᠠᠵᠢᠯ ᠢ ᠰᠠᠶᠢᠲᠤᠷ ᠬᠢᠵᠦ᠂ ᠪᠠᠭᠰᠢ ᠶᠢ | ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠵᠤ᠂ ᠨᠢᠭᠡᠨ ᠰᠠᠯᠠᠭ᠎ᠠ ᠵᠠᠩ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ | ᠪᠠᠷ ᠵᠦᠶ ᠵᠣᠬᠢᠰᠲᠠᠶ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ | ᠬᠡᠷᠡᠭᠲᠡᠶ᠃ ᠡᠬᠢ ᠪᠠᠶᠠᠯᠢᠭ ᠤᠨ ᠪᠠᠲᠤᠯᠠᠭ᠎ᠠ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠶᠢᠨ ᠲᠠᠯ᠎ᠠ ᠪᠠᠷ | ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠬᠠᠩᠭᠠᠯᠭ᠎ᠠ ᠪᠠᠨ ᠥᠷᠭᠡᠳᠬᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠳᠠ ᠶᠢᠨ | ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠭᠡᠵᠡᠢ᠃ |