ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ  ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ  ᠵᠧᠦ ᠶᠢᠨ ᠰᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2025/3/14
     3 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ᠂ ᠠᠮᠢ ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠦᠬᠠᠢ ᠶᠢᠨ ᠪᠣᠳᠠᠲᠤ ᠪᠠᠶᠢᠳᠠᠯ ᠯᠤᠭ᠎ᠠ ᠨᠢᠭᠲᠠ ᠤᠶᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠭᠦᠨᠵᠡᠭᠡᠶᠢᠷᠡᠭᠦᠯᠦᠨ ᠠᠬᠢᠭᠤᠯᠵᠤ᠂ ᠠᠷᠪᠠᠨ ᠡᠳᠦᠷ ᠢᠶᠠᠷ ᠰᠠᠷ᠎ᠠ ᠶᠢ ᠪᠠᠲᠤᠯᠠᠬᠤ᠂ ᠰᠠᠷ᠎ᠠ ᠪᠠᠷ ᠤᠯᠠᠷᠢᠯ ᠢ ᠪᠠᠲᠤᠯᠠᠬᠤ᠂ ᠤᠯᠠᠷᠢᠯ ᠢᠶᠠᠷ ᠵᠢᠯ ᠢ ᠪᠠᠲᠤᠯᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠦᠳᠲᠡᠷ ᠲᠦᠷᠭᠡᠨ ᠬᠥᠳᠡᠯᠦᠯᠴᠡᠵᠦ᠂ ᠰᠤᠷᠤᠯᠴᠠᠬᠤ ᠪᠠᠶᠢᠴᠠᠭᠠᠬᠤ ᠴᠡᠭᠴᠡᠯᠡᠨ ᠵᠠᠰᠠᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ᠰᠤᠷᠤᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠬᠤ ᠳᠠᠭᠠᠨ ᠡᠷᠴᠢᠮ ᠲᠠᠢ᠂ ᠴᠡᠭᠴᠡᠯᠡᠨ ᠵᠠᠰᠠᠬᠤ ᠳᠠᠭᠠᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠣᠳᠣᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号