3 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ | ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ | ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2025 ᠣᠨ ᠤ 3 ᠳ᠋ᠤᠭᠠᠷ ᠤᠳᠠᠭᠠᠨ ᠤ ︵ᠥᠷᠭᠡᠳᠬᠡᠭᠰᠡᠨ︶ | ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ | ᠨᠠᠢᠮᠠᠨ ᠲᠣᠭᠲᠠᠭᠠᠯ ᠤᠨ ᠲᠤᠬᠠᠶ ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠵᠦ᠂ ᠲᠥᠪ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ | ᠵᠠᠰᠠᠭ ᠤᠨ ᠣᠷᠳᠣᠨ ᠤ ᠰᠢᠰᠲ᠋ᠧᠮ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠦᠷᠨᠢᠬᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠲᠠᠢ ᠪᠠᠨ ᠤᠶᠠᠯᠳᠤᠭᠤᠯᠤᠨ | ᠰᠤᠷᠤᠯᠴᠠᠵᠤ ᠪᠠᠶᠢᠴᠠᠭᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢᠶᠠᠨ ᠨᠢᠭᠡ ᠴᠤᠭᠴᠠᠵᠢᠭᠤᠯᠤᠨ ᠠᠬᠢᠭᠤᠯᠵᠤ᠂ | ᠰᠤᠷᠤᠯᠴᠠᠵᠤ ᠰᠤᠳᠤᠯᠤᠨ ᠶᠠᠷᠢᠯᠴᠠᠬᠤ ᠲᠠᠯ᠎ᠠ ᠪᠠᠷ ᠰᠠᠭᠤᠭᠳᠠᠯ ᠲᠠᠢ ᠲᠦᠷᠦᠭᠳᠡᠯ ᠲᠠᠢ ᠦᠷᠨᠢᠬᠦᠯᠵᠦ᠂ ᠠᠰᠠᠭᠤᠳᠠᠯ | ᠢᠶᠠᠨ ᠪᠠᠶᠢᠴᠠᠭᠠᠨ ᠳᠡᠯᠭᠡᠬᠦ ᠲᠠᠯ᠎ᠠ ᠪᠠᠷ ᠬᠠᠲᠠᠭᠤ ᠲᠠᠢ ᠬᠠᠯᠳᠠᠵᠤ᠂ ᠨᠡᠭᠡᠭᠡᠯᠲᠤ ᠬᠥᠮᠦᠵᠢᠯ ᠤᠨ ᠲᠠᠯ᠎ᠠ ᠪᠠᠷ ᠬᠢᠨᠠᠯᠲᠠ ᠶᠢ | ᠬᠦᠯᠢᠶᠡᠵᠦ᠂ ᠰᠢᠯᠭᠠᠷᠠᠭᠰᠠᠨ ᠰᠤᠷᠲᠠᠯ ᠢᠶᠠᠨ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠰᠤᠷᠲᠠᠯ ᠢᠶᠠᠨ ᠬᠤᠪᠢᠷᠠᠭᠤᠯᠤᠭᠰᠠᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ | ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠤᠯᠠᠨ ᠲᠦᠮᠡᠨ ᠤ | ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠬᠤᠯᠪᠤᠭᠳᠠᠯ ᠪᠦᠬᠦᠢ ᠠᠵᠢᠯ ᠤᠨ ᠲᠤᠬᠠᠢ ᠪᠠᠶᠢᠷᠢᠯᠠᠭᠤᠯᠪᠠ᠃ |