3 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ | ᠬᠤᠷᠠᠯ ᠡᠷᠭᠢᠯᠡᠪᠡ᠃ | ᠬᠤᠷᠠᠯ ᠠᠴᠠ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠢ ᠶᠢᠨ ᠫᠢᠩ | ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ | ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠢ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠦᠬᠦ | ᠲᠠᠯ᠎ᠠ ᠪᠠᠷ ᠣᠨᠣᠪᠴᠢᠲᠠᠢ ᠡᠵᠡᠮᠳᠡᠵᠦ᠂ ᠰᠤᠷᠤᠯᠴᠠᠬᠤ ᠪᠠᠶᠢᠴᠠᠭᠠᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ | ᠠᠬᠢᠭᠤᠯᠵᠤ᠂ ᠰᠣᠷᠣᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠬᠤ ᠳᠠᠭᠠᠨ ᠡᠷᠴᠢᠮ ᠲᠠᠢ᠂ ᠰᠠᠶᠢᠵᠢᠷᠠᠭᠤᠯᠬᠤ ᠳᠠᠭᠠᠨ | ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠨ ᠰᠤᠳᠤᠯᠤᠨ ᠶᠠᠷᠢᠯᠴᠠᠬᠤ᠂ ᠠᠰᠠᠭᠤᠳᠠᠯ ᠢᠶᠠᠨ | ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠨᠡᠭᠡᠭᠡᠯᠲᠤ ᠬᠥᠮᠦᠵᠢᠯ ᠢ ᠴᠢᠩᠭ᠎ᠠ ᠪᠣᠳᠠᠲᠠᠢ ᠰᠠᠶᠢᠲᠤᠷ | ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠤᠨ ᠡᠯ᠎ᠡ ᠵᠦᠢᠯ ᠤᠨ ᠰᠤᠷᠲᠠᠯ ᠤᠨ ᠱᠠᠭᠠᠷᠳᠠᠯᠭ᠎ᠠ ᠶᠢ ᠡᠳᠦᠷ | ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ ᠭᠤᠣᠯ | ᠴᠣᠭᠴᠠ ᠶᠢᠨ ᠬᠠᠷᠢᠭᠤᠴᠠᠯᠭ᠎ᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠲᠡᠰ ᠳᠠᠪᠬᠤᠷᠭ᠎ᠠ ᠲᠦᠷᠦᠯ ᠬᠤᠪᠢᠶᠠᠨ | ᠵᠢᠯᠣᠭᠤᠳᠬᠤ ᠪᠠᠨ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ︽ᠪᠦᠬᠦ ᠬᠤᠳᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠦᠷᠨᠢᠬᠦᠯᠬᠦ ᠲᠤᠬᠠᠢ ᠠᠵᠢᠯ ᠤᠨ ᠲᠥᠰᠦᠯ︾ ᠵᠡᠷᠭᠡ ᠪᠢᠴᠢᠭ | ᠮᠠᠲ᠋ᠧᠷᠢᠶᠠᠯ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |