ᠮᠠᠨ ᠤ ᠬᠤᠲᠠ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠰᠣᠯᠢᠯᠴᠠᠭ᠎ᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
     3 ᠰᠠᠷ᠎ᠠ ᠶᠢᠨ 24 ᠤ ᠡᠳᠦᠷ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠠᠮᠲᠤᠷᠠᠨ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠰᠣᠯᠢᠯᠴᠠᠭ᠎ᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠤᠰᠤ ᠠᠷᠪᠢᠯᠠᠬᠤ ᠬᠡᠯᠪᠡᠷᠢ ᠶᠢᠨ 4 ᠠᠵᠤ ᠠᠬᠤᠶᠢᠯᠠᠯ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠠᠵᠤ ᠠᠬᠤᠶᠢᠯᠠᠯ ᠤᠨ ᠤᠰᠤ ᠠᠷᠪᠢᠯᠠᠬᠤ ᠬᠠᠮᠢᠶᠠᠷᠤᠯᠲᠠ ᠶᠢᠨ ᠲᠤᠷᠰᠢᠯᠭ᠎ᠠ᠂ ᠵᠠᠭᠪᠤᠷ᠂ ᠤᠷ᠎ᠠ ᠮᠡᠷᠭᠡᠰᠢᠯ ᠵᠡᠷᠭᠡ ᠪᠠᠨ ᠲᠠᠨᠢᠯᠴᠠᠭᠤᠯᠪᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤᠨᠢ ᠤᠶᠠᠯᠳᠤᠭᠤᠯᠤᠨ᠂ ᠤᠰᠤ ᠠᠷᠪᠢᠯᠠᠬᠤ ᠪᠣᠳᠠᠲᠠᠶ ᠰᠠᠨᠠᠭᠤᠯᠭ᠎ᠠ ᠳᠤᠷᠠᠳᠪᠠ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠠᠵᠤ ᠦᠢᠯᠡᠳᠪᠦᠷᠢ ᠶᠢᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠵᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠰᠤᠷᠪᠤᠯᠵᠢᠯᠠᠨ ᠪᠠᠶᠢᠴᠠᠭᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠨᠢ ᠰᠢᠭᠰᠢᠭᠳᠡᠭᠦᠯᠬᠦ᠂ ᠤᠷ᠎ᠠ ᠮᠡᠷᠭᠡᠰᠢᠯ ᠤᠨ ᠶᠠᠪᠤᠴᠠ ᠪᠠᠨ ᠰᠠᠶᠢᠵᠢᠷᠠᠭᠤᠯᠬᠤ᠂ ᠪᠣᠬᠢᠷ ᠤᠰᠤ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠠᠵᠤ ᠦᠢᠯᠡᠳᠪᠦᠷᠢ ᠶᠢᠨ ᠬᠦᠷᠢᠶᠡᠨ ᠤ ᠤᠰᠤ ᠠᠷᠪᠢᠯᠠᠬᠤ ᠳᠠᠯᠳᠠ ᠴᠢᠳᠠᠪᠤᠷᠢ ᠶᠢ ᠨᠢ ᠲᠠᠰᠤᠷᠠᠯᠲᠠ ᠥᠬᠡᠶ ᠬᠥᠭᠵᠢᠭᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ 2024 ᠣᠨ ᠳᠤ ᠮᠠᠨ ᠤ ᠬᠤᠲᠠ  ᠶᠢᠨ 1 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ᠂ 1 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠢᠷᠠᠭᠤ ᠠᠯᠳᠠᠷ ᠬᠦᠷᠳᠡᠵᠦ᠂ 6 ᠠᠵᠤ ᠠᠬᠤᠶᠢᠯᠠᠯ ︽ᠠᠵᠤ ᠦᠢᠯᠡᠳᠪᠦᠷᠢ ᠶᠢᠨ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢᠨ ᠱᠠᠩᠨᠠᠯ︾ ᠭᠥᠷᠳᠡᠵᠦ᠂ 2 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︽ᠤᠰᠤ ᠠᠷᠪᠢᠯᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠱᠠᠩᠨᠠᠯ︾ ᠭᠥᠷᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号