ᠼᠦᠢ ᠵᠢᠩ ᠶᠢᠩ ᠠᠮᠢ ᠠᠬᠤᠢ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠭᠰᠠᠨ ᠠᠵᠢᠯ ᠢ ᠳᠠᠯᠳᠠᠭᠤᠷ ᠰᠤᠷᠪᠤᠯᠵᠢᠯᠠᠨ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/3/25
     3 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠲᠤ ᠭᠦᠨᠵᠡᠭᠡᠶᠢᠷᠡᠨ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠭᠰᠠᠨ ᠠᠵᠢᠯ ᠢ ᠳᠠᠯᠳᠠᠭᠤᠷ ᠰᠤᠷᠪᠤᠯᠵᠢᠯᠠᠨ ᠬᠢᠨᠠᠨ ᠵᠢᠯᠣᠭᠤᠳᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠯ ᠤᠨ ᠴᠢᠭ ᠤᠨ ᠠᠶᠠᠨᠳᠠᠭᠠᠨ ᠨᠣᠴᠣᠬᠤ ᠶᠢ ᠵᠠᠰᠠᠭᠰᠠᠨ ᠠᠵᠢᠯ ᠢ ᠨᠠᠷᠢᠨ ᠬᠢᠨᠠᠮᠠᠭᠠᠢ ᠪᠠᠶᠢᠴᠠᠭᠠᠭᠰᠠᠨ ᠪᠥᠭᠡᠳ ᠲᠤᠬᠠᠢ ᠶᠢᠨ ᠲᠠᠯᠠᠪᠠᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠬᠤᠯᠪᠤᠭᠳᠠᠯ ᠪᠦᠬᠦᠢ ᠪᠠᠶᠢᠳᠠᠯ ᠢ ᠨᠢ ᠨᠠᠷᠢᠨ ᠯᠠᠪᠯᠠᠨ ᠠᠰᠠᠭᠤᠪᠠ᠃      ᠼᠦᠢ ᠵᠢᠩ ᠶᠢᠩ ᠬᠡᠯᠡᠭᠰᠡᠨ ᠨᠢ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︾ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠦᠬᠠᠢ ᠳᠤ ᠲᠤᠰᠢᠶᠠᠭᠰᠠᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠠᠵᠢᠯ ᠪᠣᠯᠤᠨ᠎ᠠ᠂ ᠣᠨᠴᠠᠭᠠᠶᠢᠯᠠᠨ ᠬᠤᠳᠠ ᠶᠢᠨ ᠨᠠᠮ ᠤᠨ ᠬᠤᠷᠢᠶ᠎ᠠ ︽ᠣᠷᠴᠢᠨ ᠲᠣᠭᠤᠷᠢᠨ ᠢ ᠵᠠᠰᠠᠬᠤ᠂ ᠠᠮᠢ ᠠᠬᠤᠢ ᠶᠢ ᠰᠢᠯᠢᠳᠡᠭᠵᠢᠭᠦᠯᠬᠦ᠂ ᠬᠥᠭᠵᠢᠯᠲᠡ ᠶᠢᠨ ᠰᠠᠭᠤᠷᠢ ᠪᠠᠨ ᠪᠠᠬᠢᠵᠢᠭᠦᠯᠬᠦ︾ ᠶᠢ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠤᠨ ᠨᠢᠭᠡ ᠪᠣᠯᠭᠠᠵᠤ᠂ ︽ᠲᠠᠪᠤᠨ ᠣᠷᠣᠨ ᠨᠢᠭᠡ ᠭᠤᠣᠯ︾ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠲᠣᠭᠲᠠᠭᠠᠪᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠪᠠᠨ ᠨᠠᠷᠢᠯᠢᠭᠵᠢᠭᠤᠯᠤᠨ᠂ ᠱᠠᠭᠠᠷᠳᠠᠯᠭ᠎ᠠ ᠪᠠ ᠴᠠᠭ ᠤᠨ ᠬᠢᠵᠠᠭᠠᠷ ᠶᠣᠰᠣᠭᠠᠷ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠵᠤ᠂ ᠳ᠋ᠤᠭᠠᠷ ᠬᠠᠰᠣᠨ ᠲᠠᠩᠰᠠ ᠲᠤᠰᠢᠶᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠤᠳᠠᠭᠠᠨ ᠤ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠪᠠᠨ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠠᠶᠤᠯᠭᠦᠢ ᠦᠢᠯᠡᠳᠪᠦᠷᠢᠯᠡᠯ ᠪᠣᠯ ᠬᠤᠷᠢᠭ᠎ᠠ ᠱᠤᠭᠤᠮ ᠤᠯᠠᠭᠠᠨ ᠱᠤᠭᠤᠮ ᠮᠥᠨ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号