3 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠨᠣᠮ ᠤᠩᠰᠢᠬᠤ ᠠᠩᠭᠢ ᠶᠢ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠡᠷᠭᠢᠯᠡᠵᠦ᠂ ᠪᠥᠬᠦ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠵᠢᠱᠢᠶ᠎ᠡ ᠦᠵᠡᠭᠦᠯᠦᠨ ᠳᠠᠶᠢᠴᠢᠯᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠯᠢ ᠴᠦᠨ ᠰᠢᠶᠤᠤ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ | ︽ᠬᠤᠶᠠᠷ ᠳᠠᠷᠤᠭ᠎ᠠ︾ ᠣᠷᠣᠯᠴᠠᠪᠡ᠃ | ᠲᠣᠰ ᠤᠳᠠᠭᠠᠨ ᠤ ᠲᠥᠪᠯᠡᠷᠡᠭᠦᠯᠦᠨ ᠨᠣᠮ ᠤᠩᠰᠢᠬᠤ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ | ᠶᠠᠪᠤᠭᠳᠠᠵᠤ᠂ ᠰᠤᠷᠤᠯᠴᠠᠯᠭ᠎ᠠ ᠳᠤ ᠣᠷᠣᠯᠴᠠᠭᠰᠠᠳ ᠴᠥᠮ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠲᠣᠭᠲᠠᠮᠠᠯ ᠬᠢᠴᠢᠶᠡᠯ ᠤᠨ ᠬᠡᠷ ᠲᠤ ᠨᠣᠮ ᠤᠩᠰᠢᠵᠤ᠂ ᠰᠤᠷᠤᠯᠴᠠᠬᠤ ᠠᠭᠤᠯᠭ᠎ᠠ ᠳᠤ ᠭᠤᠤᠯᠳᠠᠭᠤ | ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ | ᠲᠡᠭᠦᠪᠦᠷᠢ︾ ︽ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ | ᠰᠠᠨᠠᠭᠠᠨ ᠤ ᠲᠦᠢᠮᠣ ᠥᠭᠦᠯᠡᠯᠲᠡ︾ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠠᠴᠠ | ᠨᠡᠶᠢᠲᠡᠯᠡᠭᠰᠡᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠬᠤ ᠬᠤᠯᠪᠤᠭᠳᠠᠯ ᠪᠥᠬᠦᠶ ᠪᠢᠴᠢᠭ ᠮᠠᠲ᠋ᠧᠷᠢᠶᠠᠯ ᠢ ᠪᠠᠭᠲᠠᠭᠠᠪᠠ᠃ |