ᠬᠠᠶᠢᠷᠤᠪ ᠤᠨ ᠲᠣᠬᠤᠢ ᠲᠣᠭᠤᠷᠢᠭ ᠬᠠᠪᠤᠷ ᠤᠨ ᠤᠯᠠᠷᠢᠯ ᠤᠨ ᠢᠯᠠᠭ᠎ᠠ ᠪᠠᠲᠠᠭᠠᠨ᠎ᠠ ᠤᠰᠠᠳᠬᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/26
     ᠬᠠᠪᠤᠷ ᠤᠨ ᠤᠯᠠᠷᠢᠯ ᠪᠣᠯ ᠢᠯᠠᠭ᠎ᠠ ᠪᠠᠲᠠᠭᠠᠨ᠎ᠠ ᠦᠷᠡᠵᠢᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠣᠯᠠᠨ ᠲᠦᠮᠡᠨ ᠳᠤ ᠠᠷᠢᠭᠤᠨ ᠴᠡᠪᠡᠷ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ ᠠᠷᠢᠭᠤᠳᠬᠠᠬᠤ ᠺᠣᠮᠫᠠᠨᠢ ᠶᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠳᠣᠲᠣᠷᠠᠬᠢ 350 ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠪᠠ 20 ᠬᠤᠪᠢ ᠢᠳᠡᠭᠡᠨ ᠤᠮᠳᠠᠭᠠᠨ ᠲᠥᠪᠯᠡᠷᠡᠭᠰᠡᠨ ᠭᠤᠤᠯ ᠵᠡᠭᠡᠯᠢ ᠭᠤᠳᠤᠮᠵᠢ ᠶᠢᠨ ᠪᠣᠬᠢᠷ ᠤᠰᠤᠨ ᠤ ᠬᠤᠳᠳᠤᠭ᠂ ᠳᠤᠯᠠᠭᠠᠯᠠᠭ᠎ᠠ ᠶᠢᠨ ᠬᠤᠳᠳᠤᠭ᠂ ᠢᠯᠭᠠᠳᠠᠰᠣ ᠶᠢᠨ ᠴᠦᠭᠦᠷᠦᠮ ᠵᠡᠷᠭᠡ ᠢᠯᠠᠭ᠎ᠠ ᠪᠠᠲᠠᠭᠠᠨ᠎ᠠ ᠶᠢᠨ ᠠᠪᠠᠭᠠᠯᠳᠠᠢ ᠦᠷᠡᠵᠢᠬᠦ ᠭᠠᠵᠠᠷ ᠲᠤ ᠢᠯᠠᠭ᠎ᠠ ᠪᠠᠲᠠᠭᠠᠨ᠎ᠠ ᠣᠰᠠᠳᠬᠠᠬᠤ ᠠᠵᠢᠯ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠶᠢ 15 ᠡᠳᠦᠷ ᠥᠷᠨᠢᠭᠦᠯᠵᠦ᠂ ᠢᠯᠠᠭ᠎ᠠ ᠪᠠᠲᠠᠭᠠᠨ᠎ᠠ ᠤᠰᠠᠳᠬᠠᠬᠤ ᠠᠮᠢᠳᠤ ᠪᠣᠳᠠᠰ ᠤᠨ ᠨᠠᠶᠢᠷᠠᠯᠭ᠎ᠠ ᠶᠢ 50 ᠭᠠᠷᠤᠶ ᠬᠠᠶᠢᠷᠴᠠᠭ ᠪᠡᠯᠡᠳᠭᠡᠵᠦ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠠᠷ ᠲᠥᠯᠥᠪᠯᠡᠵᠦ ᠪᠣᠶ᠃ ᠲᠣᠰ ᠨᠠᠶᠢᠷᠠᠯᠭ᠎ᠠ ᠳᠤ ᠬᠥᠭᠡᠰᠦᠷᠡᠭᠦᠯᠬᠦ ᠮᠡᠷᠭᠡᠵᠢᠯ ᠢ ᠬᠡᠷᠡᠭᠯᠡᠵᠦ᠂ ᠴᠢᠭᠢᠭᠯᠢᠭ ᠣᠷᠴᠢᠨ ᠲᠣᠭᠤᠷᠢᠨ ᠪᠠ ᠤᠰᠤ ᠲᠠᠢ ᠣᠶᠢᠷᠠᠲᠤᠭᠰᠠᠨ ᠤ ᠳᠠᠷᠠᠭ᠎ᠠ ᠦᠳᠲᠡᠷ ᠲᠦᠷᠭᠡᠨ ᠵᠠᠳᠠᠷᠠᠵᠤ᠂ ᠲᠠᠷᠬᠠᠯᠳᠠ ᠪᠠᠷ ᠦᠷᠭᠡᠨ ᠪᠠᠶᠢᠵᠤ᠂ ᠢᠯᠠᠭ᠎ᠠ ᠪᠠᠲᠠᠭᠠᠨ᠎ᠠ ᠪᠡᠶ᠎ᠡ ᠭᠦᠢᠴᠡᠭᠰᠡᠨ ᠬᠤᠷᠣᠬᠠᠶ ᠵᠢᠴᠢ ᠠᠪᠠᠭᠠᠯᠳᠠᠢ  ᠶᠢ ᠴᠥᠮ ᠬᠦᠢᠴᠡᠳ ᠤᠰᠠᠳᠬᠠᠵᠤ ᠲᠡᠶᠢᠯᠬᠦ ᠦᠷ᠎ᠡ ᠳ᠋ᠦᠩ ᠲᠠᠢ ᠪᠥᠭᠡᠳ ᠪᠣᠬᠢᠷᠲᠤᠯ ᠥᠬᠡᠶ ᠪᠠᠶᠢᠵᠦ᠂ ᠡᠷᠬᠢᠨ ᠲᠣᠭᠤᠷᠢᠨ ᠤ ᠠᠮᠢ ᠠᠬᠤᠶ ᠳᠤ ᠮᠠᠭᠤ ᠨᠥᠯᠥᠭᠡ ᠦᠵᠡᠭᠦᠯᠬᠦ ᠥᠬᠡᠶ ᠶᠤᠮ᠃      ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠢᠯᠣᠭᠤᠳᠬᠤ ᠲᠥᠪ ᠤᠨ ᠬᠢᠨ ︽ᠲᠦᠷᠪᠡᠨ ᠬᠤᠤᠷᠳᠠᠨ︾ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠪᠠᠨ ᠲᠠᠰᠤᠷᠠᠯᠳᠠ ᠦᠭᠡᠢ ᠰᠢᠯᠢᠳᠡᠭᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠠᠨ ᠲᠦᠮᠡᠨ ᠤ ᠡᠷᠡᠭᠦᠯ ᠰᠠᠷᠠᠭᠤᠯ ᠠᠮᠢᠳᠤᠷᠠᠯ ᠤᠨ ᠣᠷᠣᠨ ᠵᠠᠢ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号