ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷᠢ ᠶᠢᠨ ᠦᠷᠭᠦᠯᠵᠢᠯᠡᠭᠰᠡᠨ ᠱᠣᠭᠤᠮ ᠤᠨ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠪᠠᠶᠢᠭᠤᠯᠪᠠ
ᠨᠡᠶᠢᠲᠡᠯᠡᠭᠰᠡᠨ ᠴᠠᠭ᠄
2025/3/27
     ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷᠢ ᠶᠢᠨ ᠦᠷᠭᠦᠯᠵᠢᠯᠡᠭᠰᠡᠨ ᠱᠤᠭᠤᠮ ᠤᠨ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ ᠡᠨᠡ ᠵᠢᠯ ᠤᠨ 3 ᠰᠠᠷ᠎ᠠ ᠶᠢᠨ ᠡᠬᠢ ᠪᠠᠷ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠭᠤᠤᠯ ᠴᠣᠭᠴᠠ ᠶᠢᠨ ᠪᠦᠲᠦᠴᠡ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃      ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ᠂ ᠰᠤᠪᠤᠷᠭᠠᠨ ᠳᠡᠭᠦᠵᠢᠩ ᠰᠦᠨᠳᠡᠷᠯᠡᠵᠦ᠂ ᠲᠡᠷᠭᠡ ᠬᠥᠰᠬᠡ ᠰᠦᠯᠵᠢᠯᠳᠦᠵᠦ᠂ ᠴᠠᠬᠢᠯᠭᠠᠨ ᠥᠷᠥᠮᠳᠡᠭᠦᠷ ᠤᠨ ᠲᠠᠭᠤᠨ᠂ ᠲᠣᠭᠰᠢᠬᠤ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠠᠵᠢᠯᠴᠢᠳ ᠬᠤᠶᠠᠳᠠᠬᠢ ᠪᠦᠲᠦᠴᠡ ᠳᠤ ᠪᠣᠯᠣᠳ ᠰᠢᠷᠪᠥᠰᠥ ᠤᠶᠠᠬᠤ᠂ ᠬᠡᠷᠡᠮ ᠪᠠᠷᠢᠬᠤ ᠵᠡᠷᠭᠡ ᠠᠵᠢᠯ ᠢᠶᠠᠨ ᠶᠠᠭᠠᠷᠠᠯᠳᠤᠵᠤ ᠬᠢᠵᠦ ᠪᠤᠢ᠃      ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷᠢ ᠶᠢᠨ ᠦᠷᠭᠦᠯᠵᠢᠯᠡᠭᠰᠡᠨ ᠱᠤᠭᠤᠮ ᠤᠨ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠨᠢ ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷᠢ ᠶᠢᠨ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠥᠭᠦᠷᠭᠡ ᠠᠴᠠ ᠡᠮᠦᠨᠡᠰᠢ᠂ ᠵᠢᠩ ᠬᠠᠢ ᠴᠧᠩ ᠤᠨ ᠵᠢᠶᠠ ᠲᠠᠢ ᠰᠠᠭᠤᠭᠠᠯᠢ ᠲᠣᠭᠤᠷᠢᠭ ᠠᠴᠠ ᠪᠠᠷᠠᠭᠤᠨᠰᠢ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠳᠣ ᠲᠡᠮᠦᠷ ᠵᠠᠮ ᠠᠴᠠ ᠵᠡᠭᠦᠨᠰᠢ ᠪᠠᠶᠢᠷᠢᠯᠠᠵᠤ ᠪᠤᠢ᠃ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 1.8 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 5.9 ᠲᠦᠮᠡᠨ ᠲᠡᠭᠰᠢ ᠳᠥᠷᠪᠡᠯᠵᠢᠨ ᠮᠧᠲᠷ᠂ ᠣᠷᠣᠨ ᠰᠠᠭᠤᠴᠠ 384 ᠢᠵᠢ᠂ ᠲᠡᠷᠭᠡᠨ ᠵᠣᠭᠰᠣᠭᠠᠯ 388 ᠤᠷᠤ ᠲᠥᠯᠥᠪᠵᠢᠭᠦᠯᠪᠡ᠃      ︽ᠣᠳᠣᠬᠠᠨ ᠳᠤ ᠶᠠᠭ 1᠂ 2᠂ 3 ᠳ᠋ᠤᠭᠠᠷ ᠠᠰᠠᠷ ᠤᠨ ᠭᠤᠤᠯ ᠴᠣᠭᠴᠠ ᠶᠢᠨ ᠪᠦᠲᠦᠴᠡ ᠶᠢᠨ ᠪᠠᠷᠢᠯᠭ᠎ᠠ ᠶᠢ ᠪᠠᠶᠢᠭᠤᠯᠵᠤ ᠪᠠᠶᠢᠨ᠎ᠠ᠂ ᠵᠠᠯᠭᠠᠭᠠᠳ ᠵᠠᠰᠠᠯ ᠴᠢᠮᠡᠭᠯᠡᠯ ᠤᠰᠤ ᠴᠠᠬᠢᠯᠭᠠᠨ ᠳᠤᠯᠠᠭᠠᠯᠠᠭ᠎ᠠ ᠶᠢ ᠤᠭᠰᠠᠷᠠᠬᠤ ᠵᠡᠷᠭᠡ ᠠᠵᠢᠯ ᠢ ᠬᠢᠵᠬᠦ ᠪᠤᠯᠤᠨ᠎ᠠ᠂ ᠪᠢᠳᠡ ᠪᠠᠷᠢᠯᠭ᠎ᠠ ᠶᠢᠨ ᠠᠬᠢᠴᠠ ᠪᠠᠨ ᠴᠢᠩᠭ᠎ᠠ ᠠᠩᠬᠠᠷᠴᠤ᠂ ᠪᠠᠷᠢᠯᠭ᠎ᠠ ᠶᠢᠨ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ︾ ᠭᠡᠵᠦ ᠲᠤᠰ ᠲᠦᠷᠦᠯ ᠵᠦᠢᠯ ᠤᠨ ᠬᠠᠷᠢᠭᠤᠴᠠᠯᠭᠠᠲᠠᠨ ᠰᠢᠶᠧ ᠬᠤᠩ ᠮᠢᠩ ᠬᠡᠯᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷᠢ ᠶᠢᠨ ᠦᠷᠭᠦᠯᠵᠢᠯᠡᠭᠰᠡᠨ ᠱᠤᠭᠤᠮ ᠤᠨ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ 3 ᠰᠠᠭᠤᠷᠢ ᠣᠷᠣᠨ ᠰᠠᠭᠤᠴᠠ ᠶᠢᠨ ᠠᠰᠠᠷ᠂ ᠬᠤᠶᠠᠷ ᠰᠠᠭᠤᠷᠢ ᠬᠤᠳᠠᠯᠳᠤᠭᠠᠨ ᠤ ᠠᠰᠠᠷ ᠪᠠᠶᠢᠭᠤᠯᠬᠤ ᠪᠤᠯᠤᠨ᠎ᠠ᠃ ᠣᠳᠣᠬᠠᠨ ᠳᠤ᠂ ᠲᠥᠷᠥᠯ ᠵᠦᠢᠯ ᠤᠨ ᠪᠦᠬᠦᠯᠢ ᠴᠣᠭᠴᠠ ᠶᠢᠨ 40% ᠶᠢ ᠨᠢ ᠪᠡᠶᠡᠯᠡᠭᠦᠯᠵᠦ᠂ ᠡᠭᠦᠨ ᠳᠤ᠂ ᠭᠠᠵᠠᠷ ᠲᠤᠤᠷᠠᠭᠢ ᠬᠥᠮᠥᠷᠭᠡ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢᠶᠠᠨ ᠳᠠᠭᠤᠰᠬᠠᠵᠤ᠂ ᠬᠤᠶᠠᠷ ᠬᠤᠳᠠᠯᠳᠤᠭᠠᠨ ᠤ ᠠᠰᠠᠷ ᠤᠨ ᠰᠠᠭᠤᠷᠢ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠴᠦ ᠨᠢᠭᠡᠨᠲᠡ ᠳᠠᠭᠤᠰᠬᠠᠵᠤ᠂ ᠣᠷᠣᠨ ᠰᠠᠭᠤᠴᠠ ᠶᠢᠨ 3 ᠳ᠋ᠤᠭᠠᠷ ᠠᠰᠠᠷ ᠤᠨ ᠭᠤᠤᠯ ᠴᠣᠭᠴᠠ ᠶᠢᠨ ᠪᠦᠲᠦᠴᠡ ᠨᠢ ᠨᠢᠭᠡᠨᠲᠡ 17 ᠳᠠᠪᠬᠤᠷ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠤᠳᠠᠯ ᠥᠬᠡᠶ ᠤᠷᠤᠢ ᠶᠢ ᠨᠢ ᠪᠥᠭᠯᠡᠬᠦ ᠪᠠᠷ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号