ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠵᠠᠬ᠎ᠠ ᠳᠡᠯᠭᠡᠭᠦᠷ ᠢᠶᠠᠷ ᠭᠤᠣᠯᠯᠠᠭᠤᠯᠬᠤ᠂ ᠵᠠᠰᠠᠭ ᠤᠨ | ᠣᠷᠳᠣᠨ ᠠᠴᠠ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠲᠦᠷᠭᠡᠨ ᠣᠷᠣᠭᠤᠯᠤᠨ ᠠᠪᠴᠢᠷᠠᠵᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ᠂ ᠲᠥᠬᠦᠭᠡᠷᠦᠮᠵᠢ ᠪᠠᠨ ᠰᠢᠨᠡᠴᠢᠯᠡᠬᠦ᠂ ᠤᠷ᠎ᠠ ᠮᠡᠷᠭᠡᠰᠢᠯ ᠢᠶᠠᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ᠂ | ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ | ᠥᠷᠢᠰᠦᠯᠳᠦᠬᠦ ᠬᠦᠴᠦᠨ ᠢᠶᠠᠨ ᠦᠷᠭᠦᠯᠵᠢᠯᠡᠨ ᠳᠡᠭᠡᠭᠰᠢᠯᠡᠭᠦᠯᠪᠡ᠃ | ᠤᠯᠤᠰ ᠤᠨ ᠡᠨᠧᠷᠭᠢ ᠶᠢᠨ ᠯᠦᠩ ᠶᠤᠸᠠᠨ ᠤ ᠥᠪᠥᠷ ᠮᠣᠩᠭᠤᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠳᠤ᠂ ᠦᠢᠯᠡᠳᠪᠦᠷᠢᠯᠡᠯ ᠤᠨ ᠡᠯ᠎ᠡ ᠭᠤᠭᠴᠤᠭ᠎ᠠ ᠡᠮᠬᠢ ᠴᠡᠭᠴᠡ ᠲᠠᠢ | ᠠᠵᠢᠯᠯᠠᠵᠤ ᠪᠠᠶᠢᠯ᠎ᠠ᠃ ᠲᠠᠨᠢᠯᠴᠠᠭᠤᠯᠤᠭᠰᠠᠨ ᠢᠶᠠᠷ᠂ ᠲᠣᠰ ᠺᠣᠮᠫᠠᠨᠢ ᠢᠳᠡᠪᠭᠢ ᠦᠬᠡᠶᠢᠳᠡᠭᠰᠡᠨ ᠲᠦᠷᠭᠡᠳᠬᠡᠭᠦᠷ ᠢ ᠴᠢᠨᠠᠷ | ᠰᠠᠶᠢᠲᠠᠶ ᠪᠠᠷ ᠳᠠᠬᠢᠨ ᠦᠢᠯᠡᠳᠪᠦᠷᠢᠯᠡᠬᠦ᠂ ᠠᠴᠢᠶᠠᠯᠠᠪᠤᠷᠢ ᠶᠢ ᠲᠠᠬᠢᠨ ᠴᠤᠭᠴᠠᠯᠠᠬᠤ ᠵᠠᠩᠭᠢᠯᠠᠭ᠎ᠠ ᠶᠢᠨ ᠮᠡᠷᠭᠡᠵᠢᠯ ᠢ | ᠰᠢᠪᠲᠤᠯᠵᠤ᠂ ᠠᠶᠤᠯᠲᠠᠶ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠵᠤ ᠪᠤᠯᠬᠤ ᠡᠬᠢ ᠪᠠᠶᠠᠯᠢᠭ ᠪᠣᠯᠭᠠᠨ | ᠬᠤᠪᠢᠷᠠᠭᠤᠯᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠵᠡᠷᠭᠡ ᠪᠠᠷ ᠪᠡᠶᠡᠯᠡᠭᠦᠯᠪᠡ᠃ | ᠣᠳᠣᠬᠠᠨ ᠳᠤ ᠰᠢᠨ᠎ᠡ ᠲᠦᠷᠭᠡᠳᠬᠡᠭᠦᠷ᠂ ᠲᠠᠬᠢᠯᠳᠠ ᠲᠦᠷᠭᠡᠳᠬᠡᠭᠦᠷ᠂ ᠬᠠᠶᠠᠭᠳᠠᠮᠠᠯ ᠬᠠᠭᠤᠴᠢᠨ ᠲᠦᠷᠭᠡᠳᠭᠡᠭᠦᠷ | ᠵᠡᠷᠭᠡ ᠶᠢ ᠰᠢᠢᠳᠪᠦᠷᠢᠯᠡᠬᠦ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠪᠦᠬᠦ ᠤᠯᠤᠰ ᠤᠨ ᠡᠯ᠎ᠡ ᠭᠠᠵᠠᠷ ᠢ | ᠬᠠᠮᠤᠷᠪᠠ᠃ | ᠮᠠᠨ ᠤ ᠬᠤᠲᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠬᠥᠭᠵᠢᠭᠦᠯᠬᠦ ᠶᠢᠨ ᠬᠠᠮᠲᠤ᠂ ᠤᠯᠠᠮᠵᠢᠯᠠᠯᠲᠤ | ᠠᠵᠤ ᠦᠢᠯᠡᠰ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠦᠢᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠲᠠᠰ | ᠲᠡᠪᠰᠢᠬᠦᠯᠬᠦ ᠶᠢ ᠢᠳᠡᠪᠬᠢᠲᠡᠶ ᠵᠣᠷᠢᠭᠵᠢᠭᠤᠯᠪᠡ᠃ ᠥᠪᠥᠷ ᠮᠣᠩᠭᠤᠯ ᠤᠨ ᠴᠢᠶᠠᠨ ᠹᠧᠩ ᠼᠧᠮᠧᠨ᠋ᠲ ᠤᠨ ᠪᠦᠯᠦᠭᠯᠡᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠨᠡᠭᠡᠭᠡᠨ | ᠬᠥᠭᠵᠢᠭᠦᠯᠵᠤ᠂ ᠦᠢᠯᠡᠳᠪᠦᠷᠢᠯᠡᠭᠰᠡᠨ ᠲᠡᠮᠦᠷ ᠵᠠᠮ ᠤᠨ ᠪᠠᠷᠢᠮᠵᠢᠶᠠᠲᠤ ᠳᠤᠤᠷ᠎ᠠ ᠬᠤᠵᠢᠷᠲᠤ ᠼᠧᠮᠧᠨ᠋ᠲ ᠨᠢ ᠬᠤᠵᠢᠷ | ᠢᠶᠠᠷ ᠲᠤᠤᠷ᠎ᠠ᠂ ᠬᠦᠴᠦᠯᠡᠴᠡ ᠪᠠᠷ ᠥᠨᠳᠥᠷ ᠵᠡᠷᠭᠡ ᠣᠨᠴᠠᠯᠢᠭ ᠲᠠᠢ ᠪᠠᠶᠢᠵᠤ᠂ ᠰᠢᠯᠭᠠᠷᠠᠭᠰᠠᠨ ᠶᠠᠰᠤ ᠴᠢᠨᠠᠷ ᠲᠠᠭᠠᠨ | ᠲᠦᠰᠢᠭᠯᠡᠨ᠂ ᠲᠣᠰ ᠦᠢᠯᠡᠳᠬᠦᠨ ᠨᠢ ᠨᠠᠩ ᠬᠤᠷᠴᠠ ᠰᠢᠷᠦᠭᠦᠨ ᠥᠷᠢᠰᠥᠯᠳᠦᠭᠡᠨ ᠲᠠᠢ᠂ ᠮᠡᠷᠭᠡᠵᠢᠯ ᠤᠨ | ᠱᠠᠭᠠᠷᠳᠠᠯᠭ᠎ᠠ ᠪᠠᠷ ᠨᠠᠩ ᠴᠢᠩᠭ᠎ᠠ ᠤᠯᠤᠰ ᠤᠨ ᠨᠠᠷᠠᠲᠤ ᠲᠡᠮᠳᠡᠭᠲᠦ ᠶᠢᠨ ᠢᠨᠵᠧᠨᠧᠷᠢᠩ— ᠪᠤᠭᠤᠲᠤ ᠠᠴᠠ ᠢᠷᠭᠠᠢ | ᠬᠦᠷᠬᠦ ᠲᠡᠭᠡᠲᠤ ᠬᠤᠷᠳᠤᠴᠠᠲᠤ ᠲᠡᠮᠦᠷ ᠵᠠᠮ ᠤᠨ ᠲᠥᠷᠥᠯ ᠵᠦᠢᠯ ᠳᠤ ᠬᠡᠷᠡᠭᠯᠡᠬᠦ ᠦᠢᠯᠡᠳᠬᠦᠨ ᠢᠶᠠᠷ ᠰᠣᠩᠭᠤᠭᠳᠠᠵᠤ᠂ | ᠺᠣᠮᠫᠠᠨᠢ ᠶᠢᠨ ᠵᠠᠬ᠎ᠠ ᠳᠡᠯᠭᠡᠭᠦᠷ ᠢᠶᠠᠨ ᠤᠯᠠᠮ ᠨᠢᠭᠡ ᠠᠯᠬᠤᠮ ᠥᠷᠭᠡᠳᠬᠡᠨ᠂ ᠨᠠᠷᠠᠲᠤ ᠲᠡᠮᠳᠡᠭᠲᠦ ᠶᠢᠨ ᠥᠷᠢᠰᠥᠯᠳᠦᠬᠦ | ᠬᠦᠴᠦᠨ ᠢᠶᠠᠨ ᠳᠡᠭᠡᠭᠰᠢᠯᠡᠭᠦᠯᠪᠡ᠃ | ᠮᠠᠨ ᠤ ᠬᠤᠲᠠ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ | ᠲᠣᠭᠤᠷᠢᠨ ᠳᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ | ᠰᠢᠨᠡᠳᠬᠡᠬᠦ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ᠂ ᠠᠵᠤ ᠦᠢᠯᠡᠰ ᠤᠨ ᠪᠦᠲᠦᠴᠡ ᠪᠠᠨ ᠲᠦᠷᠭᠡᠳᠬᠡᠨ | ᠲᠣᠬᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠪᠡ᠃ ᠡᠨᠡ ᠵᠢᠯ ᠤᠨ | ᠲᠦᠷᠦᠭᠦᠤ ᠬᠤᠶᠠᠷ ᠰᠠᠷ᠎ᠠ ᠳᠤ᠂ ᠮᠠᠨ ᠤ ᠬᠤᠲᠠ ᠶᠢᠨ ᠦᠢᠯᠡᠳᠪᠦᠷᠢᠯᠡᠭᠰᠡᠨ ᠬᠡᠦᠷᠡᠰᠦ 297.42 ᠲᠦᠮᠡᠨ ᠲᠣᠨ | ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠪᠡ︔ ᠨᠠᠷᠢᠯᠢᠭ ᠮᠧᠲ᠋ᠢᠯ ᠠᠯᠺᠣᠣᠯ 20. | 20 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83.8% ᠪᠠᠷ ᠨᠡᠮᠡᠭᠳᠡᠪᠡ︔ ᠴᠣᠬᠤᠢ ᠶᠢᠨ | ᠴᠢᠯᠠᠭᠤ 151.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.3% ᠪᠠᠷ ᠨᠡᠮᠡᠭᠳᠡᠪᠡ︔ | ᠳᠠᠪᠤᠰᠤᠨ ᠬᠦᠴᠢᠯ 3.54 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠷ | ᠨᠡᠮᠡᠭᠳᠡᠪᠡ︔ ᠢᠳᠡᠮᠡᠬᠡᠶ ᠬᠤᠵᠢᠷ 9.33 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 2% ᠪᠠᠷ ᠨᠡᠮᠡᠭᠳᠡᠨ᠂ ᠦᠢᠯᠡᠳᠬᠦᠨ ᠨᠢ ᠪᠥᠬᠦ ᠤᠯᠤᠰ ᠤᠨ ᠡᠯ᠎ᠡ ᠭᠠᠵᠠᠷ ᠳᠠᠬᠢ ᠪᠣᠷᠣᠯᠠᠭᠤᠯᠭ᠎ᠠ ᠨᠡᠩ ᠰᠠᠶᠢᠨ ᠪᠣᠯᠪᠠ᠃ | |