3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠬᠠᠮᠲᠤ ᠪᠠᠷ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ | ᠣᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ᠂ | ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ | ᠳᠡᠳ᠋ ᠳᠠᠷᠤᠭ᠎ᠠ ᠯᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ | ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ ᠾᠧ ᠫᠢᠩ ᠬᠤᠷᠠᠯ ᠡᠷᠭᠢᠯᠡᠪᠡ᠃ | ᠯᠢ ᠴᠦᠨ ᠰᠢᠶᠤᠤ ᠬᠡᠯᠡᠭᠰᠡᠨ ᠨᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠰᠠᠨᠠᠯ | ᠳᠤᠷᠠᠳᠤᠯᠭ᠎ᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢᠶᠠᠨ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠰᠠᠶᠢᠲᠤᠷ ᠠᠳᠬᠤᠵᠤ᠂ | ᠰᠠᠨᠠᠯ ᠳᠤᠷᠠᠳᠤᠯᠭ᠎ᠠ ᠨᠢᠭᠡᠪᠦᠷᠢ ᠶᠢ ᠦᠨᠡᠨᠬᠦ ᠰᠠᠶᠢᠲᠤᠷ ᠰᠢᠢᠳᠪᠦᠷᠢᠯᠡᠵᠦ᠂ ᠪᠣᠳᠠᠲᠠᠢ ᠰᠢᠢᠳᠪᠦᠷᠢᠯᠡᠵᠦ᠂ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠰᠠᠯᠠᠭ᠎ᠠ ᠮᠥᠴᠢᠷ ᠤᠨ ᠠᠵᠢᠯ ᠢ ᠠᠬᠢᠭᠤᠯᠬᠤ ᠶᠢ | ᠨᠢᠭᠲᠠ ᠤᠶᠠᠯᠳᠤᠭᠤᠯᠵᠤ᠂ ᠭᠡᠰᠢᠭᠦᠳ ᠤᠨ ᠰᠡᠳᠬᠢᠯ ᠬᠠᠨᠤᠮᠵᠢᠲᠠᠶ ᠪᠠᠶᠢᠬᠤ ᠡᠰᠡᠬᠦ ᠶᠢ ᠰᠠᠨᠠᠯ ᠳᠤᠷᠠᠳᠤᠯᠭ᠎ᠠ ᠶᠢ | ᠰᠢᠢᠳᠪᠦᠷᠢᠯᠡᠵᠦ ᠦᠨᠡᠯᠡᠬᠦ ᠴᠢᠬᠤᠯᠠ ᠪᠠᠷᠢᠮᠵᠢᠶ᠎ᠠ ᠪᠣᠯᠭᠠᠵᠤ᠂ ᠨᠡᠩ ᠤᠯᠠᠨ ︽ᠰᠠᠶᠢᠨ ᠦᠭᠡ ᠰᠠᠶᠢᠨ ᠠᠷᠭ᠎ᠠ ᠪᠤᠳᠤᠯᠭ᠎ᠠ︾ | ᠶᠢ ᠠᠵᠢᠯ ᠢᠶᠠᠨ ᠠᠬᠢᠭᠤᠯᠬᠤ ︽ᠦᠨᠡᠨ ᠪᠣᠳᠠᠲᠠᠶ ᠠᠷᠭ᠎ᠠ︾ ᠪᠣᠯᠭᠠᠨ ᠬᠤᠪᠢᠷᠠᠭᠤᠯᠬᠤ ᠬᠡᠷᠡᠭᠲᠡᠶ᠃ ᠭᠤᠣᠯᠳᠠᠯᠭ᠎ᠠ ᠲᠠᠢ | ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢᠶᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠤᠶᠤᠨ ᠴᠢᠳᠠᠯ ᠢᠶᠠᠨ | ᠲᠥᠪᠯᠡᠷᠡᠭᠦᠯᠦᠨ ᠭᠤᠣᠯᠳᠠᠯᠭ᠎ᠠ ᠲᠠᠢ ᠰᠤᠳᠤᠯᠵᠤ᠂ ᠭᠤᠣᠯᠳᠠᠯᠭ᠎ᠠ ᠲᠠᠢ ᠰᠢᠢᠳᠪᠦᠷᠢᠯᠡᠵᠦ᠂ ︽ᠠᠵᠢᠯᠯᠠᠭᠠᠨ ᠨᠢ ᠥᠨᠳᠥᠷ | ᠪᠦᠲᠦᠮᠵᠢᠲᠡᠢ᠂ ᠬᠠᠷᠢᠭᠤᠯᠲᠠ ᠨᠢ ᠣᠨᠣᠪᠴᠢᠲᠠᠢ᠂ ᠨᠠᠶᠢᠳᠠᠪᠤᠷᠢᠵᠢᠭᠤᠯᠤᠯᠲᠠ ᠨᠢ ᠪᠣᠳᠠᠲᠠᠢ︾ ᠪᠠᠶᠢᠬᠤ ᠶᠢ ᠴᠢᠷᠮᠠᠶᠢᠨ | ᠪᠡᠶᠡᠯᠡᠭᠦᠯᠵᠦ᠂ ᠰᠣᠳᠣᠨ ᠪᠦᠲᠦᠭᠡᠯ ᠭᠠᠷᠭᠠᠵᠤ᠂ ᠵᠢᠱᠢᠶ᠎ᠡ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠰᠠᠨᠠᠯ | ᠳᠤᠷᠠᠳᠤᠯᠭ᠎ᠠ ᠶᠢᠨ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠨᠡᠩ ᠰᠠᠶᠢᠲᠤᠷ ᠠᠬᠢᠭᠤᠯᠵᠤ᠂ ᠨᠡᠩ ᠤᠯᠠᠨ ᠰᠠᠨᠠᠯ | ᠳᠤᠷᠠᠳᠤᠯᠭ᠎ᠠ ᠶᠢᠨ ᠰᠠᠨᠠᠭᠤᠯᠭ᠎ᠠ ᠶᠢ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠶᠢᠨ ᠰᠣᠩᠭᠤᠯᠲᠠ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ᠵᠦᠪᠯᠡᠯᠭᠡ ᠶᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠦᠬᠦ ᠶᠠᠪᠤᠴᠠ ᠳᠤ | ᠲᠤᠤᠱᠯᠠᠭᠤᠯᠵᠤ᠂ ᠰᠠᠨᠠᠯ ᠳᠤᠷᠠᠳᠤᠯᠭ᠎ᠠ ᠶᠢ ᠨᠢᠭᠡ ᠬᠤᠪᠢ ᠰᠢᠢᠳᠪᠦᠷᠢᠯᠡᠪᠡᠯ᠂ ᠵᠥᠪᠯᠡᠯᠭᠡ ᠶᠢ ᠨᠢᠭᠡ ᠳᠠᠪᠬᠤᠷᠭ᠎ᠠ | ᠬᠦᠨᠵᠡᠭᠡᠶᠢᠷᠡᠬᠦᠯᠵᠦ᠂ ᠬᠠᠮᠲᠤ ᠶᠢᠨ ᠲᠠᠨᠢᠯᠲᠠ ᠶᠢ ᠨᠢᠭᠡ ᠬᠤᠪᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ | ᠭᠡᠵᠡᠢ᠃ | ᠯᠢ ᠳ᠋ᠦᠩ ᠬᠡᠯᠡᠭᠰᠡᠨ ᠨᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠵᠣᠬᠢᠶᠠᠨ | ᠪᠠᠶᠢᠭᠤᠯᠤᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠵᠤ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠠᠬᠢᠨ ᠰᠢᠨ᠎ᠡ ᠳᠡᠭᠲᠡᠷ ᠲᠤ | ᠭᠠᠷᠭᠠᠬᠤ ᠶᠢ ᠠᠬᠢᠭᠤᠯᠬᠤ ᠬᠡᠷᠡᠭᠲᠡᠶ ᠭᠡᠵᠡᠢ᠃ | ᠬᠤᠷᠠᠯ ᠳᠡᠭᠡᠷ᠎ᠡ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠨᠡᠶᠢᠲᠡ 43 ᠳᠠᠭᠠᠭᠠᠨ ᠠᠪᠴᠤ | ᠰᠢᠢᠳᠪᠦᠷᠢᠯᠡᠬᠦ ᠨᠢᠭᠡᠴᠡ ᠶᠢᠨ 216 ᠬᠤᠪᠢ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠦᠯᠪᠡ᠃ ᠬᠤᠷᠠᠯ ᠠᠴᠠ | 2024 ᠣᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠭᠰᠠᠨ ᠪᠠᠶᠢᠳᠠᠯ ᠢᠶᠠᠨ ᠮᠡᠳᠡᠭᠳᠡᠪᠡ᠃ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠬᠡᠰᠡᠭ ᠨᠢᠭᠡᠴᠡ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ |