ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠭᠡᠷᠡᠯ ᠵᠢᠷᠤᠭ ᠤᠨ ᠤᠷᠠᠯᠢᠭ ᠤᠨ ᠦᠵᠡᠬᠦᠯᠦᠯᠭᠡ ᠶᠢᠨ ︵ᠦᠬᠠᠶ ᠶᠢᠨ ᠥᠷᠲᠡᠭᠡ︶ ᠠᠩᠬᠠᠨ ᠤ ᠦᠵᠡᠭᠦᠯᠦᠯᠭᠡ ᠵᠢᠴᠢ ᠠᠮᠢ ᠠᠬᠤᠶᠢᠲᠤ ᠦᠬᠠᠶ ᠶᠢᠨ ᠭᠡᠷᠡᠯ ᠵᠢᠷᠤᠭ ᠤᠨ ᠦᠵᠡᠬᠦᠯᠦᠯᠭᠡ ᠤᠳᠠᠯ ᠦᠭᠡᠢ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2025/3/28
     ᠳᠤᠮᠳᠠᠳᠤ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠭᠡᠷᠡᠯ ᠵᠢᠷᠤᠭ ᠤᠨ ᠤᠷᠠᠯᠢᠭ ᠤᠨ ᠦᠵᠡᠬᠦᠯᠦᠯᠭᠡ ᠶᠢᠨ ︵ᠦᠬᠠᠶ ᠶᠢᠨ ᠥᠷᠲᠡᠭᠡ︶ ᠠᠩᠬᠠᠨ ᠤ ᠦᠵᠡᠭᠦᠯᠦᠯᠭᠡ ᠵᠢᠴᠢ ᠠᠮᠢ ᠠᠬᠤᠶᠢᠲᠤ ᠦᠬᠠᠶ ᠶᠢᠨ ᠭᠡᠷᠡᠯ ᠵᠢᠷᠤᠭ ᠤᠨ ᠦᠵᠡᠬᠦᠯᠦᠯᠭᠡ 3 ᠰᠠᠷ᠎ᠠ ᠶᠢᠨ 30 ᠤ ᠡᠳᠦᠷ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠶᠠᠪᠤᠭᠳᠠᠬᠤ ᠪᠣᠯᠤᠨ᠎ᠠ᠃ ᠣᠳᠣᠬᠠᠨ ᠳᠤ᠂ ᠡᠯ᠎ᠡ ᠵᠦᠢᠯ ᠤᠨ ᠠᠵᠢᠯ ᠢᠶᠠᠨ ᠶᠠᠭ ᠪᠠᠴᠢᠮ ᠶᠠᠭᠠᠷᠠᠯᠲᠠᠢ ᠪᠡᠯᠡᠳᠬᠡᠵᠦ ᠪᠠᠶᠢᠨ᠎ᠠ᠃      ᠲᠣᠰ ᠤᠳᠠᠭᠠᠨ ᠤ ᠦᠵᠡᠭᠦᠯᠦᠯᠭᠡ ᠨᠢ ︽ᠦᠵᠡᠰᠬᠦᠯᠡᠩᠲᠦ ᠰᠠᠶᠢᠬᠠᠨ ᠬᠡᠷ ᠣᠷᠣᠨ᠂ ᠲᠦᠮᠡᠨ ᠪᠣᠳᠠᠰ ᠬᠠᠮᠲᠤ ᠪᠠᠷ ᠤᠷᠤᠰᠢᠨᠠᠮ︾ ᠭᠡᠬᠦ ᠪᠠᠷ ᠭᠤᠤᠯ ᠰᠡᠳᠦᠪ ᠪᠣᠯᠭᠠᠵᠤ᠂ ᠠᠩᠬ᠎ᠠ ᠤᠳᠠᠭ᠎ᠠ ᠣᠶ ᠰᠢᠭᠤᠶ᠂ ᠨᠤᠭᠤ ᠭᠠᠵᠠᠷ᠂ ᠨᠠᠭᠤᠷ ᠲᠡᠯᠡᠶ᠂ ᠡᠯᠡᠰᠦᠨ ᠴᠥᠯ᠂ ᠬᠤᠲᠠ ᠵᠡᠷᠭᠡ ᠠᠮᠢ ᠠᠬᠤᠶ ᠶᠢᠨ ᠰᠢᠰᠲ᠋ᠧᠮ ᠢᠶᠠᠷ ᠪᠣᠳᠣᠯᠭ᠎ᠠ ᠶᠢᠨ ᠪᠦᠲᠦᠴᠡ ᠪᠠ ᠵᠢᠷᠤᠭ ᠳᠦᠷᠰᠦ ᠪᠠᠷ ᠲᠣᠭᠠᠴᠢᠯᠲᠠ ᠬᠢᠬᠦ ᠠᠷᠭ᠎ᠠ ᠮᠠᠶ᠋ᠢᠭ ᠪᠤᠯᠭᠠᠵᠤ᠂ ᠰᠡᠭᠦᠳᠡᠷᠯᠡᠬᠦ ᠮᠠᠰᠢᠨ ᠢᠶᠠᠨ ᠬᠦᠬᠦᠳᠡᠨ ᠠᠮᠢᠲᠠᠨ᠂ ᠰᠢᠪᠠᠭᠤᠨ ᠤ ᠲᠥᠷᠥᠯ᠂ ᠬᠤᠶᠠᠷ ᠨᠤᠳᠤᠭᠳᠠᠨ ᠤ ᠮᠥᠯᠬᠦᠬᠦ ᠲᠥᠷᠥᠯ᠂ ᠰᠢᠪᠠᠵᠢ ᠵᠡᠷᠭᠡ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ 60 ᠭᠠᠷᠤᠶ ᠠᠯᠳᠠᠷᠲᠤ ᠪᠠᠶᠢᠭᠠᠯᠢ ᠶᠢᠨ ᠬᠡᠷᠡᠯ ᠵᠢᠷᠤᠭᠴᠢᠨ ᠤ 160 ᠭᠠᠷᠤᠶ ᠭᠡᠷᠡᠯ ᠵᠢᠷᠤᠭ ᠤᠨ ᠪᠦᠲᠦᠭᠡᠯ ᠢ ᠠᠳᠠᠯᠢ ᠪᠤᠰᠤ ᠬᠠᠷᠠᠭᠠᠰᠤ ᠠᠴᠠ ᠳᠤᠮᠳᠠᠳᠤ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠭᠤᠸ᠎ᠠ ᠰᠠᠶᠢᠬᠠᠨ ᠢ ᠳᠡᠯᠭᠡᠨ ᠦᠵᠡᠭᠦᠯᠬᠦ ᠪᠤᠯᠤᠨ᠎ᠠ᠃ ᠡᠭᠦᠨ ᠤ ᠬᠠᠮᠲᠤ᠂ ᠭᠡᠷᠡᠯ ᠵᠢᠷᠤᠭ ᠤᠨ ᠪᠦᠲᠦᠭᠡᠯ ᠨᠢᠭᠡᠪᠦᠷᠢ ᠨᠢ ᠴᠥᠮ ᠵᠢᠷᠤᠭ ᠤᠨ ᠲᠠᠶᠢᠯᠪᠤᠷᠢ ᠪᠠ ᠬᠤᠶᠠᠷ ᠬᠡᠮᠵᠢᠯᠳᠦ ᠺᠣᠳ᠋ ᠢᠶᠠᠷ ᠬᠠᠪᠰᠤᠷᠤᠮᠵᠢ ᠪᠣᠯᠭᠠᠵᠤ᠂ ᠭᠡᠷᠡᠯ ᠵᠢᠷᠤᠭᠴᠢᠳ ᠤᠨ ᠵᠢᠷᠤᠭ ᠲᠠᠳᠠᠭᠰᠠᠨ ᠣᠶᠢᠯᠠᠭᠠᠯᠲᠠ ᠶᠢ ᠨᠢ ᠲᠠᠶᠢᠯᠪᠤᠷᠢᠯᠠᠵᠤ᠂ ᠠᠮᠢᠳᠤ ᠪᠣᠳᠠᠰ ᠤᠨ ᠳᠦᠷᠰᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠪᠠ ᠬᠠᠤᠯᠢ ᠴᠠᠭᠠᠵᠠ ᠶᠢᠨ ᠮᠡᠳᠡᠯᠭᠡ ᠶᠢ ᠲᠠᠨᠢᠯᠴᠠᠭᠤᠯᠵᠤ᠂ ᠲᠣᠭᠤᠷᠢᠨ ᠦᠵᠡᠭᠰᠡᠳ ᠤᠨ ᠪᠡᠶᠡᠴᠢᠯᠡᠨ ᠣᠶᠢᠯᠠᠭᠠᠬᠤ ᠰᠡᠳᠬᠢᠯᠭᠡ ᠪᠠ ᠪᠠᠶᠢᠭᠠᠯᠢ ᠶᠢᠨ ᠲᠤᠬᠠᠶ ᠲᠠᠨᠢᠯᠲᠠ ᠶᠢ ᠨᠢ ᠨᠡᠮᠡᠭᠳᠡᠬᠦᠯᠬᠦ ᠪᠤᠯᠤᠨ᠎ᠠ᠃      ︽ᠲᠣᠰ ᠤᠳᠠᠭᠠᠨ ᠤ ᠦᠵᠡᠬᠦᠯᠦᠯᠭᠡ ᠳᠤ ︿ᠦᠵᠡᠬᠦᠯᠦᠯᠭᠡ+ ᠰᠣᠳᠣᠯᠣᠨ ᠶᠠᠷᠢᠯᠴᠠᠬᠤ+ ᠲᠠᠶᠢᠯᠣᠮᠵᠢ ᠬᠢᠬᠦ+ ᠰᠡᠳᠣᠪ ᠴᠤᠭᠯᠠᠭᠤᠯᠬᠤ﹀ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠪᠣᠯᠤᠨ ᠬᠡᠭᠡᠷ᠎ᠡ ᠶᠢᠨ ᠠᠮᠢᠲᠠᠨ ᠤ ᠬᠤᠭᠤᠷᠤᠨᠳᠣᠭᠢ ᠵᠠᠶ ᠶᠢ ᠣᠶᠢᠷᠠᠲᠤᠭᠤᠯᠬᠤ ᠪᠠᠷ ᠪᠠᠷᠠᠬᠤ ᠥᠬᠡᠶ᠂ ᠪᠠᠰᠠ ᠤᠷᠠᠯᠢᠭ ᠤᠨ ᠠᠵᠢᠯᠲᠠᠳ ᠲᠤ ᠰᠣᠯᠢᠯᠴᠠᠨ ᠰᠤᠷᠤᠯᠴᠠᠬᠤ ᠲᠠᠪᠴᠠᠩ ᠬᠠᠩᠭᠠᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠤᠯᠤᠨ᠎ᠠ᠃ ᠭᠡᠷᠡᠯ ᠵᠢᠷᠤᠭ ᠤᠨ ᠦᠵᠡᠭᠦᠯᠦᠯᠭᠡ ᠳᠠᠬᠢ ᠦᠬᠠᠶ ᠶᠢᠨ ᠨᠢᠭᠡᠴᠢ ᠶᠢᠨ ᠬᠡᠰᠡᠭ ᠲᠤ ᠮᠠᠨ ᠤ ᠬᠤᠲᠠ ᠶᠢᠨ ᠲᠣᠰ ᠭᠠᠵᠠᠷ ᠣᠷᠣᠨ ᠤ 6 ᠭᠡᠷᠡᠯ ᠵᠢᠷᠤᠭᠴᠢᠨ ᠤ 20 ᠰᠢᠯᠢᠳᠡᠭ ᠪᠦᠲᠦᠭᠡᠯ ᠢ ᠰᠢᠯᠢᠨ ᠰᠣᠩᠭᠤᠵᠤ᠂ ᠪᠦᠲᠦᠭᠡᠯ ᠨᠢ ᠦᠬᠠᠶ ᠳᠤ ᠨᠡᠬᠦᠳᠡᠯᠯᠡᠨ‌ᠠᠮᠢᠳᠤᠷᠠᠵᠤ ᠪᠠᠶᠢᠭ᠎ᠠ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠠᠮᠢᠲᠠᠨ— ᠴᠠᠭᠠᠨ ᠰᠡᠭᠦᠯᠲᠦ ᠳᠠᠯᠠᠢ ᠶᠢᠨ ᠪᠦᠷᠭᠦᠳ᠂ ᠬᠠᠷ᠎ᠠ ᠥᠷᠪᠢ᠂ ᠴᠠᠭᠠᠨ ᠲᠣᠯᠣᠭᠠᠶᠢᠲᠤ ᠲᠣᠭᠤᠷᠤᠤ᠂ ᠶᠠᠩᠭᠢᠷ ᠢᠮᠠᠭ᠎ᠠ᠂ ᠭᠢᠷᠰᠡ ᠤ‍‌ᠵᠨᠡᠭᠡ ᠵᠡᠷᠭᠡ ᠪᠠᠷ ᠭᠤᠤᠯ ᠳᠦᠷᠢ ᠪᠣᠯᠭᠠᠵᠤ᠂ ᠲᠡᠳᠡᠨ ᠤ ᠤᠶᠠᠨ ᠬᠠᠳᠠᠨ ᠴᠠᠭ ᠮᠥᠴᠡ ᠶᠢ ᠲᠡᠮᠳᠡᠭᠯᠡᠵᠦ᠂ ᠮᠠᠨ ᠤ ᠬᠤᠲᠠ ᠶᠢᠨ ᠣᠶᠢᠷ᠎ᠠ ᠶᠢᠨ ᠬᠡᠳᠦᠨ ᠵᠢᠯ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠢᠯᠡᠳᠲᠡ ᠠᠮᠵᠢᠯᠲᠠ ᠪᠦᠲᠦᠮᠵᠢ ᠶᠢ ᠤᠯᠠᠮ ᠨᠢᠭᠡ ᠠᠯᠬᠤᠮ ᠲᠤᠰᠬᠠᠪᠠ᠃︾ ᠭᠡᠵᠦ ᠦᠬᠠᠶ ᠬᠤᠲᠠ ᠶᠢᠨ ᠤᠳᠬ᠎ᠠ ᠤᠷᠠᠯᠢᠭ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠯᠧ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号