ᠦᠬᠠᠢ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠪᠡᠭᠡᠵᠢᠩ ᠤᠨ ᠳ᠋ᠦᠩ ᠴᠧᠩ ᠲᠣᠭᠤᠷᠢᠭ ᠲᠤ ᠬᠦᠷᠴᠦ ᠬᠤᠶᠠᠷ ᠭᠠᠵᠠᠷ ᠤᠨ ᠪᠦᠬᠦ ᠲᠠᠯ᠎ᠠ ᠶᠢᠨ ᠬᠠᠮᠲᠤᠷᠠᠯᠴᠠᠭᠠᠨ ᠤ ᠶᠠᠪᠤᠳᠠᠯ ᠲᠤᠬᠠᠢ ᠵᠣᠯᠭᠠᠭᠤᠯᠪᠠ
ᠨᠡᠶᠢᠲᠡᠯᠡᠭᠰᠡᠨ ᠴᠠᠭ᠄
2025/3/31
     3 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠪᠡᠭᠡᠵᠢᠩ ᠤᠨ ᠳ᠋ᠦᠩ ᠴᠧᠩ ᠲᠣᠭᠤᠷᠢᠭ ᠲᠤ ᠬᠦᠷᠴᠦ ᠠᠵᠢᠯ ᠵᠣᠯᠭᠠᠭᠤᠯᠤᠨ ᠰᠢᠨᠵᠢᠯᠡᠨ ᠪᠠᠶᠢᠴᠠᠭᠠᠵᠤ᠂ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳ᠋ᠦᠩ ᠴᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠰᠢᠨ ᠵᠢᠶᠦ᠋ᠨ᠂ ᠳ᠋ᠦᠩ ᠴᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠴᠧᠨ ᠰᠢᠶᠠᠨ ᠰᠧᠨ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠵᠧᠦ ᠶᠢᠨ ᠰᠢᠩ ᠦᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠳ᠋ᠦᠩ ᠴᠧᠩ ᠲᠣᠭᠤᠷᠢᠭ ᠤᠨ ᠦᠬᠠᠢ ᠬᠤᠳᠠ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ  ᠨᠢ᠂ ᠪᠦᠬᠦ ᠲᠠᠯ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠭᠰᠠᠨ ᠠᠴᠠ ᠨᠠᠰᠢ᠂ ᠬᠤᠶᠠᠷ ᠭᠠᠵᠠᠷ ᠤᠨ ᠬᠢᠨ ᠦᠨᠡᠨᠴᠢ ᠪᠠᠷ ᠬᠠᠮᠲᠤᠷᠠᠯᠴᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠯ᠎ᠡ ᠬᠦᠷᠢᠶᠡᠨ ᠤ ᠬᠠᠮᠲᠤᠷᠠᠯᠴᠠᠭᠠᠨ ᠤ ᠵᠦᠢᠯᠡᠰ ᠲᠦᠷᠭᠡᠨ ᠠᠭᠢᠵᠤ᠂ ᠢᠳᠡᠪᠬᠢᠲᠡᠢ ᠠᠬᠢᠴᠠ ᠪᠠ ᠦᠷ᠎ᠡ ᠪᠦᠲᠦᠭᠡᠯ ᠣᠯᠵᠠᠢ᠃ ᠪᠢᠳᠡ ᠬᠠᠯᠠᠭᠤᠨ ᠳᠡᠭᠡᠷ᠎ᠡ ᠨᠢ ᠳᠠᠪᠲᠠᠵᠤ᠂ ᠦᠷᠭᠦᠯᠵᠢᠯᠡᠨ ᠬᠦᠴᠦᠯᠡᠵᠦ᠂ ᠳ᠋ᠦᠩ ᠴᠧᠩ ᠲᠣᠭᠤᠷᠢᠭ ᠯᠤᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠳᠠᠯᠳᠠ ᠬᠦᠴᠦᠨ ᠢ ᠠᠭᠤᠳᠠᠯᠵᠤ᠂ ᠠᠬᠤᠶ ᠪᠠᠶᠢᠳᠠᠯ  ᠢᠶᠠᠨ ᠥᠷᠭᠡᠳᠬᠡᠨ᠂ ᠨᠠᠩ ᠣᠯᠠᠨ ᠬᠠᠮᠲᠤᠷᠠᠯᠴᠠᠭᠠᠨ ᠤ ᠵᠦᠢᠯᠡᠰ ᠢ ᠪᠦᠷᠢᠯᠳᠦᠭᠦᠯᠵᠦ᠂ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠦᠨᠡᠨ ᠬᠦ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠰᠢᠨ᠎ᠡ ᠬᠡᠪ ᠳᠠᠭᠤᠷᠢᠶᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃      ᠰᠦᠨ ᠰᠢᠨ ᠵᠢᠶᠦ᠋ᠨ ᠳ᠋ᠦᠩ ᠴᠧᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠮᠦᠨ᠎ᠡ ᠠᠴᠠ ᠦᠬᠠᠢ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ ᠬᠤᠶᠠᠷ ᠭᠠᠵᠠᠷ ᠤᠨ ᠬᠠᠮᠲᠤᠷᠠᠯᠴᠠᠭ᠎ᠠ ᠡᠮᠬᠢ ᠵᠢᠷᠤᠮ ᠲᠠᠢ ᠶᠠᠪᠤᠭᠳᠠᠵᠤ᠂ ᠰᠠᠶᠢᠨ ᠡᠬᠢᠯᠡᠯᠲᠡ ᠲᠠᠢ ᠪᠤᠯᠤᠭᠰᠠᠨ ᠪᠠᠶᠢᠨ᠎ᠠ᠃ ᠬᠤᠶᠠᠷ ᠲᠠᠯ᠎ᠠ ᠶᠢᠨ ᠳᠠᠪᠠᠭᠤᠯᠢᠭ ᠲᠠᠭᠠᠨ ᠰᠠᠭᠤᠷᠢᠯᠠᠨ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠢᠶᠠᠨ ᠳᠣᠪᠤᠶᠢᠯᠭᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ᠂ ᠬᠤᠶᠠᠷ ᠭᠠᠵᠠᠷ ᠤᠨ ᠡᠬᠢ ᠪᠠᠶᠠᠯᠢᠭ ᠤᠨ ᠬᠠᠷᠢᠯᠴᠠᠨ ᠨᠥᠬᠦᠪᠥᠷᠢᠯᠡᠬᠦ ᠴᠢᠨᠠᠷ ᠰᠠᠶᠢᠲᠠᠶ ᠬᠥᠭᠵᠢᠯᠲᠡ ᠳᠤ ᠨᠡᠶᠢᠴᠡᠬᠦ ᠨᠠᠩ ᠣᠯᠠᠨ ᠬᠠᠮᠲᠤᠷᠠᠯᠴᠠᠭᠠᠨ ᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠣᠭᠲᠠᠴᠠ ᠶᠢᠨ ᠪᠠᠲᠤᠯᠠᠭ᠎ᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠪᠥᠭᠡᠳ ᠨᠠᠷᠢᠯᠢᠭ ᠬᠢᠵᠦ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠮᠲᠤᠷᠠᠯᠴᠠᠭ᠎ᠠ ᠳᠤ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠡᠢ᠃      ᠼᠦᠢ ᠵᠢᠩ ᠶᠢᠩ ᠪᠣᠯᠤᠨ ᠴᠧᠨ ᠰᠢᠶᠠᠨ ᠰᠧᠨ ᠲᠤᠰ ᠲᠤᠰ ᠬᠤᠶᠠᠷ ᠭᠠᠵᠠᠷ ᠤᠨ ᠪᠦᠬᠦ ᠲᠠᠯ᠎ᠠ ᠶᠢᠨ ᠬᠠᠮᠲᠤᠷᠠᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠪᠠᠨ ᠲᠠᠨᠢᠯᠴᠠᠭᠤᠯᠪᠠ᠃      ᠳ᠋ᠦᠩ ᠴᠧᠩ ᠲᠣᠭᠤᠷᠢᠭ ᠤᠨ ᠤᠳᠤᠷᠢᠳᠤᠯᠭ᠎ᠠ ᠸᠠᠩ ᠬᠤᠸᠠ ᠸᠧᠢ᠂ ᠬᠤᠳᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号