2025 ᠣᠨ ᠤ ᠵᠥᠩ ᠭᠤᠸᠠᠨ ᠼᠦᠨ ᠤ ᠶᠠᠷᠢᠶᠠᠨ ᠤ ᠲᠠᠪᠴᠠᠩ ᠤᠨ ᠣᠨ ᠤ ᠬᠤᠷᠠᠯ ᠵᠥᠩ ᠭᠤᠸᠠᠨ ᠼᠦᠨ ᠤ ᠣᠯᠠᠨ ᠤᠯᠤᠰ ᠤᠨ ᠮᠡᠷᠭᠡᠵᠢᠯ ᠤᠨ ᠠᠷᠠᠯᠵᠢᠶᠠᠨ ᠤ ᠶᠡᠭᠡ ᠬᠤᠷᠠᠯ ᠤᠨ ︵ᠦᠬᠠᠶ︶ ᠭᠤᠤᠯ ᠵᠣᠴᠢᠨ ᠬᠤᠲᠠ ᠶᠢᠨ ᠵᠤᠴᠢᠯᠠᠬᠤ ᠲᠢᠩᠬᠢᠮ ᠤᠨ ᠲᠥᠷᠥᠯ ᠵᠦᠢᠯ ᠤᠨ ᠲᠣᠬᠠᠢ ᠶᠢᠨ ᠲᠠᠯᠠᠪᠠᠢ ᠶᠢᠨ ᠦᠵᠡᠬᠦᠯᠦᠯᠭᠡ  ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/3/31
     3 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠤᠨ ᠣᠨ ᠤ ᠬᠤᠷᠠᠯ ᠵᠦᠩ ᠭᠤᠸᠠᠨ ᠼᠦᠨ ᠤ ᠤᠯᠠᠨ ᠤᠯᠤᠰ ᠤᠨ ᠮᠡᠷᠭᠡᠵᠢᠯ ᠤᠨ ᠠᠷᠠᠯᠵᠢᠶᠠᠨ ᠤ ᠶᠡᠭᠡ ᠬᠤᠷᠠᠯ ᠤᠨ ︵ᠦᠬᠠᠢ︶  ᠭᠤᠣᠯ ᠵᠤᠴᠢᠨ ᠬᠤᠳᠠ ᠶᠢᠨ ᠵᠤᠴᠢᠯᠠᠬᠤ ᠲᠢᠩᠭᠢᠮ ᠤᠨ ᠲᠦᠷᠦᠯ ᠵᠦᠢᠯ ᠤᠨ ᠲᠣᠬᠠᠢ ᠶᠢᠨ ᠲᠠᠯᠠᠪᠠᠢ ᠶᠢᠨ ᠦᠵᠡᠬᠦᠯᠦᠯᠭᠡ ᠶᠢᠨ ᠠᠵᠢᠯᠯᠠᠭ᠎ᠠ ᠪᠡᠭᠡᠵᠢᠩ ᠤᠨ ᠵᠦᠩ ᠭᠤᠸᠠᠨ ᠳᠤ ᠶᠠᠪᠤᠭᠳᠠᠪᠠ᠃      ᠲᠣᠬᠠᠢ ᠶᠢᠨ ᠲᠠᠯᠠᠪᠠᠢ ᠶᠢᠨ ᠦᠵᠡᠬᠦᠯᠦᠯᠭᠡ ᠶᠢᠨ ᠠᠵᠢᠯᠯᠠᠭ᠎ᠠ ᠳᠤᠮᠳᠠ᠂ ᠴᠢᠩ ᠶᠦᠨ ᡁᠢ ᠲᠦᠩ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠣᠬᠢᠷᠲᠤᠯ ᠦᠭᠡᠢ ᠣᠶᠤᠨᠴᠢ ᠦᠢᠯᠡᠳᠪᠦᠷᠢ ᠶᠢᠨ ᠲᠦᠷᠦᠯ ᠵᠦᠢᠯ᠂ ᠵᠦᠩ ᠺᠧ ᠾᠦᠢ ᠲᠦᠸᠧ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳ᠋ᠢᠵᠢᠲ᠋ᠠᠯᠴᠢᠯᠠᠭᠰᠠᠨ ᠤᠶᠤᠨᠴᠢᠯᠠᠭᠰᠠᠨ ᠠᠭᠤᠷᠬᠠᠢ ᠶᠢᠨ ᠡᠵᠡᠩᠨᠡᠯᠲᠡ ᠶᠢᠨ ᠲᠦᠷᠦᠯ ᠵᠦᠢᠯ᠂ ᠪᠡᠭᠡᠵᠢᠩ ᠤᠨ ᠴᠢᠩ ᠴᠤᠸᠠᠨ ᠢ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠪᠠᠷ ᠲᠦᠯᠡᠰᠢ ᠪᠤᠯᠭᠠᠭᠰᠠᠨ ᠴᠠᠭᠢᠯᠭᠠᠨ ᠴᠡᠨᠡᠭ ᠴᠠᠬᠢᠯᠭᠠᠨ ᠴᠡᠨᠡᠭ ᠤᠨ ᠤᠪᠤᠭ᠎ᠠ ᠵᠢᠴᠢ ᠴᠠᠬᠢᠯᠭᠠᠨ ᠵᠠᠳᠠᠯᠤᠯ ᠤᠨ ᠣᠩᠭᠤᠴᠠ ᠶᠢᠨ ᠲᠦᠷᠦᠯ ᠵᠦᠢᠯ ᠵᠡᠷᠭᠡ 10 ᠰᠢᠯᠢᠳᠡᠭ ᠲᠦᠷᠦᠯ ᠵᠦᠢᠯ ᠢ ᠭᠦᠨᠵᠡᠭᠡᠢ ᠳᠡᠯᠭᠡᠨ ᠦᠵᠡᠭᠦᠯᠪᠡ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠤᠤᠯ ᠮᠡᠷᠭᠡᠵᠢᠯ ᠤᠨ ᠰᠢᠪᠲᠤᠯᠤᠯᠲᠠ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠪᠠᠶᠢᠳᠠᠯ᠂ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ ᠲᠣᠳᠣᠷᠬᠠᠶᠢᠯᠠᠯᠲᠠ ᠬᠢᠵᠦ᠂ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠳᠣᠤᠷᠠᠬᠢ ᠮᠡᠷᠭᠡᠵᠢᠯ ᠤᠨ ᠰᠢᠨ᠎ᠡ ᠶᠢ ᠡᠭᠦᠳᠬᠦ ᠠᠷᠭ᠎ᠠ ᠵᠠᠮ ᠢ ᠢᠯᠡᠷᠡᠭᠦᠯᠪᠡ᠃      ᠲᠤᠰ ᠤᠳᠠᠭᠠᠨ ᠤ ᠲᠣᠬᠠᠢ ᠶᠢᠨ ᠲᠠᠯᠠᠪᠠᠢ ᠶᠢᠨ ᠦᠵᠡᠬᠦᠯᠦᠯᠭᠡ ᠶᠢᠨ ᠠᠵᠢᠯᠯᠠᠭ᠎ᠠ ᠶᠢ ᠡᠷᠬᠢᠯᠡᠭᠰᠡᠨ ᠨᠢ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠭᠡᠬᠦ ᠡᠨᠡᠬᠦ ᠤᠯᠤᠰ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠲᠠᠪᠴᠠᠩ ᠢ ᠠᠰᠢᠭᠯᠠᠵᠤ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠣᠯᠤᠨ ᠦᠬᠠᠢ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠬᠦᠷᠢᠶᠡᠨ ᠤ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠮᠠᠨ ᠤ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号