| | | | 3 ᠰᠠᠷ᠎ᠠ ᠶᠢᠨ 29 ᠤ ᠡᠳᠦᠷ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠠᠮᠲᠤ ᠪᠠᠷ | ᠪᠤᠶᠢᠵᠢᠭᠤᠯᠵᠤ ᠰᠢᠨ᠎ᠡ ᠢᠷᠡᠭᠡᠳᠦᠢ ᠶᠢ ᠬᠠᠮᠲᠤ ᠪᠠᠷ ᠡᠳ᠋ᠯᠡᠶ᠎ᠡ︾ ᠭᠡᠬᠦ ᠪᠠᠷ ᠭᠤᠣᠯ ᠰᠡᠳᠦᠪ ᠪᠣᠯᠭᠠᠭᠰᠠᠨ 2025 ᠣᠨ | ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠤᠨ ᠣᠨ ᠤ ᠬᠤᠷᠠᠯ ᠵᠦᠩ ᠭᠤᠸᠠᠨ ᠼᠦᠨ ᠤ ᠤᠯᠠᠨ | ᠤᠯᠤᠰ ᠤᠨ ᠮᠡᠷᠭᠡᠵᠢᠯ ᠤᠨ ᠠᠷᠠᠯᠵᠢᠶᠠᠨ ᠤ ᠶᠡᠭᠡ ᠬᠤᠷᠠᠯ ᠦᠬᠠᠢ ᠬᠤᠳᠠ ᠶᠢᠨ ᠥᠨᠳᠥᠷ ᠦᠷᠳᠡᠭᠲᠦ ᠠᠵᠤ | ᠦᠢᠯᠡᠰ ᠤᠨ ᠲᠦᠷᠦᠯ ᠵᠦᠢᠯ ᠢ ᠵᠣᠯᠭᠠᠭᠤᠯᠬᠤ ᠠᠵᠢᠯᠯᠠᠭ᠎ᠠ ᠵᠢᠴᠢ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠲᠤᠰᠬᠠᠢ ᠲᠠᠯᠠᠪᠠᠢ ᠶᠢᠨ ᠠᠵᠢᠯᠯᠠᠭ᠎ᠠ ᠪᠡᠭᠡᠵᠢᠩ ᠤᠨ ᠵᠦᠩ ᠭᠤᠸᠠᠨ ᠳᠤ ᠶᠠᠪᠤᠭᠳᠠᠪᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ᠂ ᠪᠡᠭᠡᠵᠢᠩ | ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ᠂ ᠵᠦᠩ ᠭᠤᠸᠠᠨ ᠼᠦᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠾᠦᠢ᠂ ᠬᠤᠳᠠ ᠶᠢᠨ | ᠨᠠᠮ ᠤᠨ ᠬᠤᠷᠢᠶᠠᠨ ᠤ ᠱᠦᠵᠢ ᠵᠧᠦ ᠶᠢᠨ ᠰᠢᠩ᠂ ᠵᠦᠩ ᠭᠤᠸᠠᠨ ᠼᠦᠨ ᠤ ᠬᠦᠭᠵᠢᠬᠦᠯᠦᠯᠳᠡ ᠶᠢᠨ ᠪᠦᠯᠦᠭᠯᠡᠯ ᠤᠨ | ᠶᠡᠷᠦᠩᠬᠡᠢ ᠳᠠᠭᠠᠭᠠᠮᠠᠯ ᠯᠢ ᠶᠠᠨ ᠲᠤᠰ ᠲᠤᠰ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠶᠠᠩ ᠢᠦᠢ ᠱᠧᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠨᠠᠨ ᠼᠧ ᠸᠧᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠳᠠᠭᠠᠳᠤ ᠶᠢᠨ | ᠬᠠᠷᠢᠶᠠᠳᠤ ᠠᠺᠠᠳᠧᠮᠢᠴᠢ ᠸᠠᠩ ᠵᠦᠩ ᠯᠢᠨ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠼᠦᠢ ᠵᠢᠩ ᠶᠢᠩ ᠠᠵᠤ ᠦᠢᠯᠡᠰ ᠤᠨ ᠬᠥᠭᠵᠢᠯᠲᠡ ᠶᠢᠨ ᠤᠬᠠᠭᠤᠯᠭ᠎ᠠ ᠲᠠᠨᠢᠯᠴᠠᠭᠤᠯᠭ᠎ᠠ | ᠬᠢᠪᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ ᠵᠠᠩ ᠸᠧᠨ | ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠯᠢ ᠴᠦᠨ ᠰᠢᠶᠤᠤ ᠨᠠᠷ ᠣᠷᠣᠯᠴᠠᠪᠡ᠃ | | | | | ᠰᠦᠨ ᠵᠢᠶᠦ᠋ᠨ ᠴᠢᠩ ᠬᠡᠯᠡᠭᠰᠡᠨ ᠨᠢ᠂ ᠥᠪᠥᠷ ᠮᠣᠩᠭᠤᠯ ᠶᠠᠭ ︽ᠰᠢᠨ᠎ᠡ ᠵᠠᠮ ᠢ ᠨᠡᠭᠡᠭᠡᠵᠦ᠂ ᠲᠤᠮᠳᠠ | ᠲᠦᠪᠰᠢᠨ ᠳᠤ ᠣᠷᠣᠬᠤ︾ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠬᠥᠭᠵᠢᠯᠲᠡ ᠶᠢᠨ ᠣᠷᠣᠨ ᠵᠠᠢ ᠯᠤᠲᠤ | ᠶᠡᠭᠡ᠂ ᠳᠠᠯᠳᠠ ᠬᠦᠴᠦᠨ ᠬᠢᠵᠠᠭᠠᠷᠯᠠᠰᠢ ᠦᠭᠡᠢ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠠᠩ | ᠣᠯᠠᠨ ᠠᠵᠤ ᠠᠬᠤᠶᠢᠯᠠᠯ ᠢ ᠲᠡᠳᠡᠨ ᠥᠪᠥᠷ ᠮᠣᠩᠭᠤᠯ ᠳᠤ ᠢᠷᠡᠭᠦᠯᠵᠦ ᠲᠥᠷᠥᠯ ᠵᠦᠢᠯ ᠢᠶᠠᠨ ᠪᠠᠶᠢᠷᠢᠰᠢᠭᠤᠯᠵᠤ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠵᠣᠬᠢᠶᠠᠮᠠᠯ ᠣᠶᠤᠨ | ᠴᠢᠳᠠᠪᠤᠷᠢ ᠵᠡᠷᠭᠡ ᠬᠦᠷᠢᠶᠡᠨ ᠳᠠᠬᠢ ᠥᠷᠭᠡᠨ ᠠᠭᠤᠳᠠᠮ ᠣᠷᠣᠨ ᠵᠠᠢ ᠶᠢ ᠬᠠᠮᠲᠤ ᠪᠠᠷ ᠨᠡᠭᠡᠭᠡᠬᠦ ᠶᠢ ᠬᠦᠰᠡᠵᠦ ᠪᠠᠶᠢᠨ᠎ᠠ᠃ | ᠡᠭᠦᠨ ᠤ ᠬᠠᠮᠲᠤ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠡᠷᠡᠭᠯᠡᠭᠡᠨ ᠤ ᠦᠵᠡᠭᠳᠡᠯ ᠬᠢᠭᠡᠳ ᠪᠡᠭᠡᠵᠢᠩ ᠤᠨ | ᠠᠺᠠᠳᠧᠮᠢᠴᠢ ᠲᠤᠰᠬᠠᠶ ᠮᠡᠷᠭᠡᠵᠢᠯᠲᠡᠨ ᠤ ᠪᠦᠯᠬᠦᠮ ᠤᠨ ᠲᠡᠷᠢᠭᠦᠨ ᠤ ᠮᠡᠷᠭᠡᠵᠢᠯ ᠯᠦᠭᠡ ᠵᠣᠯᠭᠠᠭᠤᠯᠤᠨ ᠬᠠᠮᠲᠤᠷᠠᠯᠴᠠᠬᠤ | ᠪᠠᠨ ᠴᠢᠩᠭᠠᠳᠬᠠᠵᠤ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠥᠪᠥᠷ ᠮᠣᠩᠭᠤᠯ ᠳᠤ | ᠨᠠᠶᠢᠳᠠᠪᠤᠷᠢᠵᠢᠭᠤᠯᠤᠨ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠬᠠᠮᠲᠤᠷᠠᠯᠴᠠᠭᠠᠨ ᠤ ᠬᠥᠭᠵᠢᠯᠲᠡ ᠶᠢᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠡᠢ᠃ | ᠯᠢᠦ ᠾᠦᠢ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂ ᠪᠡᠭᠡᠵᠢᠩ ᠬᠤᠳᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠢ ᠰᠢᠪᠲᠤᠯᠪᠠ᠃ ᠦᠬᠠᠢ ᠬᠤᠳᠠ ᠨᠢ ᠥᠪᠥᠷ ᠮᠣᠩᠭᠤᠯ ᠤᠨ ᠪᠠᠷᠠᠭᠤᠨ ᠣᠷᠣᠨ ᠤ ᠴᠢᠬᠤᠯᠠ | ᠠᠵᠤ ᠦᠢᠯᠡᠳᠪᠦᠷᠢ ᠶᠢᠨ ᠬᠤᠳᠠ ᠪᠣᠯᠤᠭᠰᠠᠨ ᠤ ᠬᠤᠪᠢ ᠳᠤ᠂ ᠡᠬᠢ ᠪᠠᠶᠠᠯᠢᠭ ᠡᠯᠪᠡᠭ᠂ ᠣᠷᠣᠨ ᠪᠠᠶᠢᠷᠢ ᠳᠠᠪᠠᠭᠤᠯᠢᠭ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠬᠦᠷᠢᠶᠡᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠤᠶᠠᠷ | ᠲᠠᠯ᠎ᠠ ᠪᠠᠷ ᠢᠶᠠᠨ ᠲᠤᠰ ᠲᠤᠰ ᠤᠨ ᠡᠬᠢ ᠪᠠᠶᠠᠯᠢᠭ ᠤᠨ ᠣᠨᠴᠠᠯᠢᠭ ᠢᠶᠠᠨ ᠰᠠᠶᠢᠲᠤᠷ ᠪᠠᠳᠠᠷᠠᠭᠤᠯᠵᠤ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠵᠦ᠂ ᠬᠠᠮᠲᠤᠷᠠᠯᠴᠠᠵᠤ ᠬᠠᠮᠲᠤᠪᠠᠷ ᠤᠷᠤᠭᠰᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠳᠦᠯᠦᠨ | ᠳᠠᠭᠠᠭᠤᠯᠬᠤ ᠬᠠᠮᠲᠤᠷᠠᠯᠴᠠᠭᠠᠨ ᠤ ᠵᠠᠮ ᠢ ᠬᠠᠮᠲᠤᠪᠠᠷ ᠰᠦᠪᠡᠭᠴᠢᠯᠡᠨ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃ | ᠵᠧᠦ ᠶᠢᠨ ᠰᠢᠩ ᠬᠡᠯᠡᠭᠰᠡᠨ ᠨᠢ᠂ ᠣᠳᠣᠬᠠᠨ ᠳᠤ᠂ ᠦᠬᠠᠢ ᠬᠤᠳᠠ ᠶᠢᠨ ᠬᠢᠨ ᠨᠠᠮ ᠤᠨ ᠲᠥᠪ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢ ᠤᠷᠢᠳᠠᠪᠡᠷ | ᠪᠤᠲᠤᠯᠭᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠵᠦᠩ ᠭᠤᠸᠠᠨ ᠼᠦᠨ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠲᠠᠢ ᠭᠠᠷ | ᠬᠤᠯᠪᠣᠯᠴᠠᠨ ᠬᠠᠮᠲᠤᠷᠠᠯᠴᠠᠵᠤ᠂ ᠨᠡᠩ ᠤᠯᠠᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠳᠪᠦᠷᠢᠯᠡᠯ ᠤᠨ | ᠱᠤᠭᠤᠮ ᠢ ᠦᠬᠠᠢ ᠳᠤ ᠨᠠᠶᠢᠳᠠᠪᠤᠷᠢᠵᠢᠭᠤᠯᠤᠨ ᠬᠡᠷᠡᠭᠯᠡᠬᠦ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠵᠥᠩ ᠭᠤᠸᠠᠨ ᠼᠦᠨ ᠤ ᠬᠦᠭᠵᠢᠬᠦᠯᠦᠯᠳᠡ ᠶᠢᠨ | ᠪᠦᠯᠦᠭᠯᠡᠯ᠂ ᠳᠤᠮᠳᠠᠳᠤ ᠤᠯᠤᠰ ᠤᠨ ᠯᠢᠦᠶ ᠹᠠ ᠪᠠᠯᠠ ᠣᠷᠣᠭᠤᠯᠤᠯᠲᠠ ᠶᠢᠨ ᠪᠦᠯᠦᠭᠯᠡᠯ᠂ ᠪᠡᠭᠡᠵᠢᠩ ᠤᠨ ᠵᠥᠩ ᠺᠧ ᠺᠧ | ᠯᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠲᠠᠢ ᠲᠣᠰ ᠲᠣᠰ ᠲᠥᠷᠥᠯ ᠵᠦᠢᠯ ᠤᠨ | ᠵᠦᠪᠯᠡᠯᠴᠡᠭᠡᠷ ᠲᠣᠭᠲᠠᠪᠠ᠃ ᠪᠡᠭᠡᠵᠢᠩ ᠬᠤᠲᠠ ᠪᠣᠯᠤᠨ ᠮᠠᠨ ᠤ ᠬᠤᠲᠠ ᠶᠢᠨ ᠬᠡᠰᠡᠭ ᠠᠵᠤ ᠠᠬᠤᠶᠢᠯᠠᠯ ᠤᠨ | ᠲᠥᠯᠥᠭᠡᠯᠡᠭᠴᠢ ᠲᠥᠷᠥᠯ ᠵᠦᠢᠯ ᠤᠨ ᠲᠣᠬᠠᠢ ᠶᠢᠨ ᠲᠠᠯᠠᠪᠠᠢ ᠶᠢᠨ ᠦᠵᠡᠬᠦᠯᠦᠯᠭᠡ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠤᠬᠠᠭᠤᠯᠤᠨ ᠲᠠᠨᠢᠯᠴᠠᠭᠤᠯᠪᠠ᠃ | |