ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ | 3 ᠰᠠᠷ᠎ᠠ ᠶᠢᠨ 28 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ | ᠠᠭᠤᠯᠵᠠᠪᠠ᠃ | | | | | 3 ᠰᠠᠷ᠎ᠠ ᠶᠢᠨ 28 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ | ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠰᠢ ᠶᠢᠨ ᠫᠢᠩ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ | ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠡᠳᠡᠨ ᠤ ᠤᠷᠳᠤ ᠬᠤᠭᠤᠴᠠᠭ᠎ᠠ ᠪᠠᠷ ᠳᠤᠮᠳᠠᠳᠤ | ᠤᠯᠤᠰ ᠯᠤᠭ᠎ᠠ ᠶᠢᠨ ᠬᠠᠮᠲᠤᠷᠠᠯᠴᠠᠭ᠎ᠠ ᠶᠢᠨ ᠲᠥᠯᠥᠭᠡ ᠵᠢᠳᠬᠦᠭᠰᠡᠨ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ᠂ ᠢᠯᠠᠩᠭᠤᠶ᠎ᠠ ᠥᠭᠡᠷᠡᠴᠢᠯᠡᠯᠲᠡ | ᠨᠡᠭᠡᠭᠡᠯᠲᠡ ᠬᠢᠭᠰᠡᠨ 40 ᠭᠠᠷᠤᠢ ᠵᠢᠯ ᠤᠨ ᠲᠤᠷᠰᠢ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ | ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ︽ᠬᠤᠶᠠᠷ ᠶᠡᠭᠡ ᠭᠠᠶᠢᠬᠠᠮᠰᠢᠭ︾ ᠢ ᠡᠭᠦᠳᠦᠭᠰᠡᠨ ᠨᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠭᠰᠡᠨ ᠳᠤ ᠲᠦᠰᠢᠭᠯᠡᠭᠰᠡᠨ ᠮᠥᠷᠲᠡᠭᠡᠨ ᠪᠠᠰᠠ ᠳᠡᠯᠡᠬᠡᠢ ᠨᠡᠶᠢᠭᠡᠮ ᠤᠨ ᠳᠡᠮᠵᠢᠯᠭᠡ ᠬᠠᠪᠰᠤᠷᠤᠯᠭ᠎ᠠ ᠠᠴᠠ ᠰᠠᠯᠵᠤ | ᠴᠢᠳᠠᠬᠤ ᠦᠭᠡᠢ ᠶᠤᠮ᠂ ᠡᠭᠦᠨ ᠳᠤ ᠳᠤᠮᠳᠠᠳᠤ ᠤᠯᠤᠰ ᠲᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠵᠡᠭᠦᠯᠦᠭᠰᠡᠨ | ᠬᠤᠪᠢ ᠨᠡᠮᠡᠷᠢ ᠴᠦ ᠪᠠᠭᠲᠠᠵᠤ ᠪᠠᠶᠢᠬᠤ ᠶᠤᠮ᠃ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠦᠳᠲᠡᠷ ᠲᠦᠷᠭᠡᠨ | ᠳᠡᠯᠡᠬᠡᠢ ᠶᠢᠨ ᠵᠠᠬ᠎ᠠ ᠳᠡᠯᠭᠡᠭᠦᠷ ᠲᠤ ᠣᠷᠣᠭᠤᠯᠵᠤ᠂ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ | ᠪᠤᠯᠭᠠᠬᠰᠠᠨ ᠤ ᠴᠢᠬᠤᠯᠠ ᠨᠢᠭᠡ ᠵᠤᠷᠪᠤᠰ ᠨᠢ ᠭᠠᠳᠠᠭᠠᠳᠤ ᠪᠡᠯᠡ ᠶᠢ ᠢᠳᠡᠪᠬᠢᠲᠡᠢ ᠠᠰᠢᠭᠯᠠᠭᠰᠠᠨ ᠶᠠᠪᠤᠳᠠᠯ ᠪᠣᠯᠣᠨ᠎ᠠ᠃ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠭᠰᠠᠨ ᠨᠢ ᠳᠤᠮᠳᠠᠳᠤ | ᠤᠯᠤᠰ ᠤᠨ ᠠᠵᠤ ᠠᠬᠤᠢ ᠶᠢᠨ ᠨᠡᠮᠡᠭᠳᠡᠯ ᠪᠣᠯᠣᠨ ᠠᠵᠢᠯ ᠣᠯᠭᠤᠯᠲᠠ ᠶᠢ ᠳᠠᠶᠢᠴᠢᠯᠠᠵᠤ᠂ ᠳᠤᠮᠳᠠᠳᠤ ᠤᠯᠤᠰ ᠤᠨ ᠮᠡᠷᠭᠡᠵᠢᠯ | ᠪᠣᠯᠣᠨ ᠬᠠᠮᠢᠶᠠᠷᠤᠯᠲᠠ ᠶᠢᠨ ᠳᠠᠪᠰᠢᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢ | ᠠᠬᠢᠭᠤᠯᠵᠠᠢ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠴᠢᠬᠤᠯᠠ ᠣᠷᠣᠯᠴᠠᠭᠴᠢ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠣᠯᠣᠨ ᠰᠢᠨ᠎ᠡ ᠶᠢ ᠡᠭᠦᠳᠬᠦ ᠡᠭᠦᠳᠦᠨ | ᠪᠦᠲᠦᠭᠡᠯᠲᠡ ᠶᠢᠨ ᠴᠢᠬᠤᠯᠠ ᠣᠷᠣᠯᠴᠠᠭᠴᠢ᠂ ᠳᠤᠮᠳᠠᠳᠤ ᠤᠯᠤᠰ ᠤᠨ ᠳᠡᠯᠡᠬᠡᠢ ᠳ᠋ᠠᠬᠢᠨ ᠢ ᠬᠤᠯᠪᠣᠨ ᠨᠡᠪᠲᠡᠷᠡᠯᠴᠡᠭᠦᠯᠬᠦ᠂ ᠠᠵᠤ | ᠠᠬᠤᠢ ᠶᠢᠨ ᠳᠡᠯᠡᠬᠡᠶᠢᠵᠢᠯᠲᠡ ᠳᠤ ᠠᠭᠤᠰᠤᠯᠴᠠᠬᠤ ᠴᠢᠬᠤᠯᠠ ᠣᠷᠣᠯᠴᠠᠭᠴᠢ ᠪᠤᠯᠬᠤ ᠶᠢ ᠦᠢᠯᠡᠳᠦᠯᠭᠡ ᠭᠡᠷᠡᠴᠢᠯᠡᠪᠡ᠃ ᠡᠨᠡ ᠬᠦ | ᠶᠠᠪᠤᠴᠠ ᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠨᠡᠶᠢᠳᠡᠮ ᠳᠡᠭᠡᠨ ᠡᠯᠪᠡᠭ ᠳᠡᠯᠪᠡᠭ ᠠᠴᠢ ᠲᠤᠰᠠ ᠬᠦᠷᠲᠡᠵᠦ᠂ ᠠᠵᠤ | ᠠᠬᠤᠶᠢᠯᠠᠯ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ | ᠪᠡᠶᠡᠯᠡᠭᠦᠯᠦᠭᠰᠡᠨ ᠪᠥᠭᠡᠳ ᠳᠤᠮᠳᠠᠳᠤ ᠤᠯᠤᠰ ᠤᠨ ᠠᠷᠠᠳ ᠲᠦᠮᠡᠨ ᠲᠠᠢ ᠭᠦᠨ ᠵᠤᠵᠠᠭᠠᠨ ᠨᠥᠬᠦᠷᠯᠡᠯ ᠪᠠᠶᠢᠭᠤᠯᠵᠠᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠤᠯᠠᠨ ᠵᠢᠯ ᠤᠨ ᠲᠤᠷᠰᠢ ᠳᠤᠮᠳᠠᠳᠤ ᠤᠯᠤᠰ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ | ᠬᠤᠪᠢ ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭᠴᠢ ᠪᠣᠯᠵᠤ᠂ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠤᠢ᠃ ᠭᠠᠳᠠᠭᠠᠳᠤ ᠨᠡᠭᠡᠭᠡᠯᠲᠡ ᠪᠣᠯ ᠳᠤᠮᠳᠠᠳᠤ ᠤᠯᠤᠰ ᠤᠨ | ᠦᠨᠳᠦᠰᠦᠨ ᠤᠯᠤᠰ ᠤᠨ ᠪᠣᠳᠣᠯᠭ᠎ᠠ ᠮᠥᠨ᠂ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠵᠤ᠂ ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠪᠠᠶᠢᠨ᠎ᠠ᠂ ᠨᠡᠭᠡᠭᠡᠯᠲᠡ ᠬᠢᠬᠦ ᠡᠭᠦᠳᠡ ᠪᠠᠨ ᠶᠠᠪᠤᠬᠤ ᠲᠤᠲᠤᠮ ᠶᠡᠭᠡ ᠨᠡᠭᠡᠭᠡᠵᠦ᠂ | ᠭᠠᠳᠠᠭᠠᠳᠤ ᠪᠡᠯᠡ ᠶᠢ ᠠᠰᠢᠭᠯᠠᠬᠤ ᠲᠥᠷᠥ ᠶᠢᠨ ᠪᠣᠳᠣᠯᠭ᠎ᠠ ᠬᠤᠪᠢᠷᠠᠭᠰᠠᠨ ᠦᠭᠡᠢ ᠪᠥᠭᠡᠳ ᠬᠤᠪᠢᠷᠠᠭᠤᠯᠬᠤ ᠴᠤ ᠦᠭᠡᠢ | ᠶᠤᠮ᠃ ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠤᠶᠠᠳᠤᠭᠠᠷ ᠲᠣᠮᠣ ᠬᠡᠷᠡᠭᠯᠡᠭᠡ ᠶᠢᠨ ᠵᠠᠬ᠎ᠠ ᠳᠡᠯᠭᠡᠭᠦᠷ ᠪᠣᠯᠣᠨ᠎ᠠ᠂ | ᠪᠦᠭᠦ ᠪᠥᠮᠪᠥᠷᠴᠡᠭ ᠤᠨ ᠬᠠᠮᠤᠭ ᠤᠨ ᠶᠡᠭᠡ ᠬᠡᠪᠴᠢᠶ᠎ᠡ ᠪᠦᠬᠦᠢ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠲᠠᠢ ᠪᠠᠶᠢᠵᠤ᠂ | ᠯᠤᠲᠤ ᠶᠡᠭᠡ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠲᠠᠯᠳᠠ ᠬᠦᠴᠦᠨ ᠠᠭᠤᠯᠤᠭᠳᠠᠵᠤ ᠪᠠᠶᠢᠳᠠᠭ᠃ ᠳᠤᠮᠳᠠᠳᠤ ᠤᠯᠤᠰ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠪᠡᠶᠡᠯᠡᠭᠦᠯᠵᠦ᠂ ᠪᠣᠬᠢᠷᠳᠤᠯ ᠦᠭᠡᠢ᠂ ᠲᠣᠭᠠᠴᠢᠯᠠᠯᠲᠠ᠂ ᠣᠶᠤᠨᠴᠢᠯᠠᠯᠲᠠ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠴᠢᠩᠭ᠎ᠠ | ᠪᠠᠶᠢᠬᠤ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠶᠢᠨ ᠬᠠᠮᠤᠭ ᠤᠨ ᠰᠠᠶᠢᠨ ᠬᠡᠷᠡᠭᠯᠡᠭᠡᠨ ᠤ ᠦᠵᠡᠭᠳᠡᠯ ᠪᠣᠯᠣᠨ᠎ᠠ᠃ ᠳᠤᠮᠳᠠᠳᠤ ᠤᠯᠤᠰ ᠨᠢᠭᠡᠨᠲᠡ | ᠨᠡᠯᠢᠶᠡᠳ ᠪᠦᠷᠢᠨ ᠲᠡᠭᠦᠯᠳᠡᠷ ᠭᠠᠳᠠᠭᠠᠳᠤ ᠪᠡᠯᠡ ᠶᠢ ᠠᠰᠢᠭᠯᠠᠬᠤ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ | ᠰᠢᠰᠲ᠋ᠧᠮ ᠪᠠ ᠠᠵᠢᠯ ᠤᠨ ᠰᠢᠰᠲ᠋ᠧᠮ ᠢ ᠪᠦᠷᠢᠯᠳᠦᠭᠦᠯᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ | ᠳᠥᠭᠦᠮᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠬᠤ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠪᠠ᠃ ᠳᠤᠮᠳᠠᠳᠤ ᠤᠯᠤᠰ ᠤᠷᠳᠤ ᠬᠤᠭᠤᠴᠠᠭ᠎ᠠ ᠪᠠᠷ | ᠤᠯᠤᠰ ᠲᠦᠷᠦ ᠶᠢᠨ ᠪᠠᠶᠢᠳᠠᠯ ᠲᠣᠭᠲᠠᠭᠤᠨ᠂ ᠨᠡᠶᠢᠭᠡᠮ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠳᠡᠯᠡᠬᠡᠢ ᠨᠡᠶᠢᠲᠡ ᠳᠤ | ᠮᠡᠳᠡᠷᠡᠭᠳᠡᠭᠰᠡᠨ ᠬᠠᠮᠤᠭ ᠤᠨ ᠠᠮᠤᠷ ᠲᠦᠪᠰᠢᠨ ᠤᠯᠤᠰ ᠤᠨ ᠨᠢᠭᠡ ᠪᠣᠯᠣᠨ᠎ᠠ᠃ ᠡᠳᠡᠭᠡᠷ ᠨᠢ ᠳᠤᠮᠳᠠᠳᠤ ᠤᠯᠤᠰ ᠤᠨ ᠠᠵᠢᠯ | ᠦᠢᠯᠡᠰ ᠤᠨ ᠲᠠᠪᠴᠠᠩ ᠶᠡᠭᠡ᠂ ᠵᠠᠬ᠎ᠠ ᠳᠡᠯᠭᠡᠭᠦᠷ ᠤᠨ ᠢᠷᠡᠭᠡᠳᠦᠢ ᠥᠷᠭᠡᠨ᠂ ᠲᠦᠷᠦ ᠶᠢᠨ ᠪᠣᠳᠣᠯᠭ᠎ᠠ ᠶᠢᠨ ᠵᠢᠱᠢᠯᠲᠡ | ᠲᠣᠭᠲᠠᠭᠤᠨ᠂ ᠠᠮᠤᠷ ᠲᠦᠪᠰᠢᠨ ᠤ ᠪᠠᠶᠢᠳᠠᠯ ᠰᠠᠶᠢᠨ ᠪᠠᠶᠢᠬᠤ ᠶᠢ ᠬᠠᠷᠠᠭᠤᠯᠵᠤ ᠪᠠᠶᠢᠨ᠎ᠠ᠂ ᠶᠠᠭ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠪᠡᠯᠡ ᠣᠷᠣᠭᠤᠯᠵᠤ ᠦᠢᠯᠡᠰ ᠢᠶᠠᠨ ᠬᠥᠭᠵᠢᠭᠦᠯᠬᠦ ᠳᠤ ᠠᠰᠢᠭᠲᠠᠢ ᠰᠢᠮᠡᠲᠦ ᠬᠥᠷᠥᠰᠥ ᠮᠥᠨ᠃ ᠳᠤᠮᠳᠠᠳᠤ | ᠤᠯᠤᠰ ᠥᠩᠭᠡᠷᠡᠭᠰᠡᠨ ᠳᠤ᠂ ᠤᠳᠤ᠂ ᠢᠷᠡᠭᠡᠳᠦᠢ ᠳᠤ ᠴᠦ ᠭᠡᠰᠡᠨ ᠯᠠᠪᠲᠠᠢ ᠭᠠᠳᠠᠭᠠᠳᠤ ᠶᠢᠨ ᠠᠷᠠᠯᠵᠢᠶᠠᠴᠢᠨ ᠤ ᠬᠦᠰᠡᠵᠦ | ᠪᠠᠶᠢᠭ᠎ᠠ᠂ ᠠᠮᠤᠷ ᠲᠦᠪᠰᠢᠨ᠂ ᠵᠢᠳᠬᠦᠯ ᠴᠢᠷᠮᠠᠶᠢᠯᠭ᠎ᠠ ᠭᠠᠷᠭᠠᠵᠤ ᠳᠡᠶᠢᠯᠭᠦ ᠪᠡᠯᠡ ᠣᠷᠣᠭᠤᠯᠤᠯᠲᠠ ᠶᠢᠨ ᠵᠣᠷᠢᠭᠰᠠᠨ ᠭᠠᠵᠠᠷ | ᠮᠥᠨ᠂ ᠳᠤᠮᠳᠠᠳᠤ ᠤᠯᠤᠰ ᠲᠠᠢ ᠬᠠᠮᠲᠤ ᠤᠷᠤᠭᠰᠢᠯᠠᠬᠤ ᠪᠣᠯ ᠠᠵᠠ ᠲᠣᠭᠢᠶᠠᠯ ᠲᠠᠢ ᠬᠠᠮᠲᠤ ᠤᠷᠤᠭᠰᠢᠯᠠᠭᠰᠠᠨ ᠶᠠᠪᠤᠳᠠᠯ | ᠪᠠᠶᠢᠵᠤ᠂ ᠳᠤᠮᠳᠠᠳᠤ ᠤᠯᠤᠰ ᠢ ᠢᠲᠡᠭᠡᠬᠦ ᠪᠣᠯ ᠮᠠᠷᠭᠠᠰᠢ ᠪᠠᠨ ᠢᠲᠡᠭᠡᠵᠦ ᠪᠠᠶᠢᠭ᠎ᠠ ᠶᠠᠪᠤᠳᠠᠯ ᠪᠠᠶᠢᠵᠤ᠂ ᠳᠤᠮᠳᠠᠳᠤ ᠤᠯᠤᠰ ᠲᠤ | ᠪᠡᠯᠡ ᠣᠷᠣᠭᠤᠯᠬᠤ ᠪᠣᠯ ᠢᠷᠡᠭᠡᠳᠦᠢ ᠳᠡᠭᠡᠨ ᠪᠡᠯᠡ ᠣᠷᠣᠭᠤᠯᠵᠤ ᠪᠠᠶᠢᠭ᠎ᠠ ᠶᠠᠪᠤᠳᠠᠯ ᠪᠣᠯᠣᠨ᠎ᠠ ᠭᠡᠳᠡᠭ ᠢ ᠢᠲᠡᠭᠡᠵᠦ ᠪᠠᠶᠢᠨ᠎ᠠ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠠᠴᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠪᠣᠯᠣᠨ ᠭᠠᠳᠠᠭᠠᠳᠤ ᠳᠤ | ᠵᠣᠷᠢᠭᠤᠯᠤᠭᠰᠠᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠳᠤ ᠨᠢᠭᠡᠨᠲᠡ ᠵᠠᠮ | ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠶᠢ ᠲᠣᠭᠲᠠᠭᠠᠪᠠ᠃ ᠳᠤᠮᠳᠠᠳᠤ ᠤᠯᠤᠰ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠪᠠᠷ ᠭᠤᠣᠯᠳᠠᠯᠭ᠎ᠠ ᠪᠤᠯᠭᠠᠵᠤ᠂ ᠨᠡᠭᠡᠭᠡᠯᠲᠡ ᠬᠢᠬᠦ ᠪᠠᠨ ᠤᠯᠠᠮ | ᠥᠷᠭᠡᠳᠭᠡᠨ᠎ᠡ︔ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠤᠯᠤᠰ ᠤᠨ ᠠᠷᠠᠳ | ᠢᠷᠭᠡᠨ ᠤ ᠬᠠᠷᠠᠭᠠᠯᠵᠠᠯ ᠢ ᠠᠳᠠᠯᠢ ᠲᠡᠭᠰᠢ ᠭᠦᠷᠲᠡᠭᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠢ | ᠬᠠᠮᠠᠭᠠᠯᠠᠨ᠎ᠠ︔ ᠭᠠᠳᠠᠭᠠᠳᠤ ᠶᠢᠨ ᠬᠤᠳᠠᠯᠳᠤᠭᠠᠴᠢᠨ ᠯᠤᠭ᠎ᠠ ᠶᠢᠨ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ | ᠲᠡᠳᠡᠨ ᠤ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠢᠵᠦ ᠪᠡᠯᠡ ᠣᠷᠣᠭᠤᠯᠬᠤ ᠳᠤ ᠴᠢᠳᠠᠬᠤ ᠶᠢᠨ ᠬᠢᠷᠢ ᠪᠠᠷ ᠲᠦᠭᠦᠮ | ᠦᠵᠡᠭᠦᠯᠵᠦ᠂ ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ | ᠵᠠᠮᠨᠠᠵᠤ᠂ ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠭᠠᠳᠠᠭᠠᠳᠤ ᠣᠷᠴᠢᠨ | ᠲᠣᠭᠤᠷᠢᠨ ᠢ ᠴᠢᠷᠮᠠᠶᠢᠨ ᠪᠤᠢ ᠪᠣᠯᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠠᠨ ᠲᠠᠯᠠᠲᠤ ᠦᠵᠡᠯ ᠪᠣᠯ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ ᠬᠦᠴᠢᠷᠳᠡᠯ | ᠥᠷᠢᠰᠦᠯᠳᠦᠭᠡᠨ ᠢ ᠰᠢᠢᠳᠪᠦᠷᠢᠯᠡᠬᠦ ᠵᠠᠶᠢᠯᠠᠰᠢ ᠦᠭᠡᠢ ᠰᠣᠩᠭᠤᠯᠲᠠ ᠮᠥᠨ᠂ ᠠᠵᠤ ᠠᠬᠤᠢ ᠶᠢᠨ ᠳᠡᠯᠡᠬᠡᠶᠢᠵᠢᠯᠲᠡ ᠪᠣᠯ | ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ᠃ ᠳᠤᠮᠳᠠᠳᠤ ᠤᠯᠤᠰ ᠵᠢᠩᠬᠢᠨᠢ ᠤᠯᠠᠨ ᠲᠠᠯᠠᠲᠤ ᠦᠵᠡᠯ ᠢ | ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠭᠦ | ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ | ᠠᠬᠤᠢ ᠶᠢ ᠪᠠᠶᠢᠭᠤᠯᠬᠤ ᠪᠠᠷ ᠴᠢᠷᠮᠠᠶᠢᠨ᠎ᠠ᠃ ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠢᠯᠠᠩᠭᠤᠶ᠎ᠠ ᠤᠯᠤᠰ ᠠᠯᠤᠰᠯᠠᠭᠰᠠᠨ | ᠺᠤᠮᠫᠠᠨᠢ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠳᠤᠮᠳᠠ ᠴᠢᠬᠤᠯᠠ ᠦᠢᠯᠡᠳᠦᠯ ᠢᠶᠠᠨ ᠪᠠᠳᠠᠷᠠᠭᠤᠯᠵᠤ | ᠪᠠᠶᠢᠬᠤ ᠪᠥᠭᠡᠳ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ | ᠬᠠᠮᠲᠤ ᠪᠠᠷ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠤᠯᠠᠨ ᠤᠯᠤᠰ ᠤᠨ ᠣᠷᠴᠢᠨ | ᠲᠣᠭᠤᠷᠢᠨ ᠢ ᠬᠠᠮᠲᠤ ᠪᠠᠷ ᠬᠠᠮᠠᠭᠠᠯᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 40 ᠭᠠᠷᠤᠢ ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠤᠨ ᠪᠦᠭᠦ ᠪᠥᠮᠪᠥᠷᠴᠡᠭ ᠤᠨ ᠬᠡᠷᠡᠭ ᠮᠡᠳᠡᠭᠴᠢᠳ ᠤᠨ | ᠳᠠᠷᠤᠭ᠎ᠠ᠂ ᠲᠡᠷᠢᠭᠦᠨ ᠭᠦᠢᠴᠡᠳᠭᠡᠭᠴᠢ ᠲᠤᠰᠢᠶᠠᠯᠲᠠᠨ ᠪᠠ ᠬᠤᠳᠠᠯᠳᠤᠭᠠᠨ ᠤ ᠨᠡᠶᠢᠭᠡᠮᠯᠢᠭ ᠤᠨ ᠲᠥᠯᠥᠭᠡᠯᠡᠭᠴᠢ | ᠠᠭᠤᠯᠵᠠᠯᠲᠠ ᠳᠤ ᠣᠷᠣᠯᠴᠠᠪᠠ᠃ ᠠᠮᠧᠷᠢᠺᠠ ᠶᠢᠨ ᠬᠤᠯᠪᠣᠭᠠᠨ ᠤ ᠲᠦᠷᠭᠡᠨ ᠬᠦᠷᠭᠡᠯᠲᠡ ᠶᠢᠨ ᠪᠦᠯᠦᠭᠯᠡᠯ ᠤᠨ ᠶᠡᠷᠦᠩᠬᠡᠢ | ᠵᠠᠬᠢᠷᠤᠭᠴᠢ ᠷᠠᠵ · ᠰᠠᠪᠷᠠᠮᠠᠨᠢᠶᠠᠮ᠂ ᠭᠧᠷᠮᠠᠨ ᠤ ᠮᠧᠷᠰᠢᠢᠳᠢᠰ ᠪᠧᠨ᠋ᠽ ᠪᠦᠯᠦᠭᠯᠡᠯ ᠤᠨ ᠬᠡᠷᠡᠭ ᠮᠡᠳᠡᠭᠴᠢᠳ ᠤᠨ ᠵᠥᠪᠯᠡᠯ ᠤᠨ | ᠲᠡᠷᠢᠭᠦᠯᠡᠭᠴᠢ ᠤᠯᠠ · ᠺᠠᠯᠸᠢᠨᠢᠤᠰ᠂ ᠹᠷᠠᠨᠼᠢ ᠶᠢᠨ ᠰᠠᠨᠤᠹᠢ ᠪᠦᠯᠦᠭᠯᠡᠯ ᠤᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠬᠠᠨ | · ᠫᠠᠦ᠋ᠯ᠂ ᠠᠩᠭ᠍ᠯᠢ ᠶᠢᠨ HSBC ᠬᠤᠪᠢ ᠡᠵᠡᠮᠳᠡᠯ ᠤᠨ ᠪᠦᠯᠦᠭᠯᠡᠯ ᠤᠨ ᠵᠠᠰᠠᠭ ᠵᠠᠬᠢᠷᠭᠠᠨ ᠤ ᠶᠡᠷᠦᠩᠬᠡᠢ ᠵᠠᠬᠢᠷᠤᠭᠴᠢ | ᠵᠤᠷᠵᠢᠰ · ᠡᠸ᠋ᠯᠭᠢᠳᠧᠷᠢ᠂ ᠶᠠᠫᠤᠨ ᠤ ᠾᠢᠲ᠋ᠠᠴ ᠦᠢᠯᠡᠳᠬᠡᠯ ᠤᠨ ᠭᠠᠵᠠᠷ ᠤᠨ ᠳᠠᠷᠤᠭ᠎ᠠ ᠲᠣᠰᠢᠶᠠᠺᠢ ᠾᠢᠭᠠᠰᠢᠬᠠᠷᠠ᠂ | ᠺᠤᠷᠢᠶᠠ ᠶᠢᠨ SK ᠾᠢᠨᠢᠺᠧᠰ ᠨᠡᠶᠢᠭᠡᠮᠯᠢᠭ ᠤᠨ ᠳᠠᠷᠤᠭ᠎ᠠ ᠭᠦᠸᠧ ᠯᠦ ᠵᠧᠩ᠂ ᠰᠠᠦ᠋ᠳᠢ ᠠᠷᠠᠪ ᠤᠨ ᠠᠷᠠᠮᠺᠦ᠋ ᠶᠢᠨ ᠶᠡᠷᠦᠩᠬᠡᠢ | ᠵᠠᠬᠢᠷᠤᠭᠴᠢ ᠨᠠᠰᠧᠷ ᠨᠠᠷ ᠤᠷᠢᠳ ᠬᠤᠵᠢᠳ ᠦᠭᠡ ᠬᠡᠯᠡᠪᠡ᠃ | ᠲᠡᠳᠡ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠪᠠᠷ ᠳᠠᠮᠵᠢᠭᠤᠯᠵᠤ᠂ | ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠭᠰᠡᠨ ᠨᠢ ᠬᠥᠮᠥᠰ ᠢ ᠪᠢᠰᠢᠷᠡᠭᠦᠯᠵᠦ ᠪᠠᠶᠢᠨ᠎ᠠ᠃ ︽ᠳᠤᠮᠳᠠᠳᠤ | ᠤᠯᠤᠰ ᠤᠨ ᠦᠢᠯᠡᠳᠬᠡᠯ︾ ᠠᠴᠠ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ︾ ᠭᠦᠷᠲᠡᠯ᠎ᠡ᠂ ᠳᠤᠮᠳᠠᠳᠤ ᠤᠯᠤᠰ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ | ᠳᠡᠰ ᠳᠡᠪᠰᠢᠭᠦᠯᠬᠦ ᠳᠤ ᠡᠨᠧᠷᠭᠢ ᠣᠯᠭᠤᠵᠤ᠂ ᠨᠡᠩ ᠴᠢᠨᠠᠷ ᠰᠠᠶᠢᠲᠠᠢ᠂ ᠨᠡᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ | ᠳᠤᠮᠳᠠᠳᠤ ᠤᠯᠤᠰ ᠤᠨ ᠠᠵᠤ ᠠᠬᠤᠢ ᠶᠢᠨ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠬᠠᠮᠠᠭᠠᠯᠠᠬᠤ ᠦᠵᠡᠯ ᠰᠢᠷᠦᠭᠦᠰᠴᠦ | ᠪᠠᠶᠢᠭ᠎ᠠ ᠠᠬᠤᠢ ᠪᠠᠶᠢᠳᠠᠯ ᠳᠣᠣᠷ᠎ᠠ᠂ ᠳᠤᠮᠳᠠᠳᠤ ᠤᠯᠤᠰ ᠨᠡᠭᠡᠭᠡᠯᠲᠡ ᠪᠠᠨ ᠲᠠᠰᠤᠷᠠᠯᠲᠠ ᠦᠭᠡᠢ ᠥᠷᠭᠡᠳᠬᠡᠵᠦ᠂ ᠪᠦᠭᠦ | ᠪᠥᠮᠪᠥᠷᠴᠡᠭ ᠤᠨ ᠠᠵᠤ ᠠᠬᠤᠢ ᠳᠤ ᠲᠣᠭᠲᠠᠭᠤᠨ ᠴᠢᠨᠠᠷ ᠨᠡᠮᠡᠷᠢᠯᠡᠵᠦ᠂ ᠲᠣᠬᠲᠠᠭᠠᠯᠳᠦ ᠴᠢᠨᠠᠷᠲᠠᠢ ᠨᠣᠭᠤᠭᠠᠨ ᠪᠦᠷᠢᠳᠦ ᠪᠠ | ᠪᠡᠯᠡ ᠣᠷᠣᠭᠤᠯᠵᠤ ᠦᠢᠯᠡᠰ ᠪᠣᠰᠬᠠᠬᠤ ᠬᠠᠯᠠᠭᠤᠨ ᠬᠥᠷᠥᠰᠥ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ | ᠪᠣᠯ ᠳᠡᠯᠡᠬᠡᠢ ᠶᠢᠨ ᠠᠵᠤ ᠠᠬᠤᠢ ᠶᠢᠨ ᠭᠤᠣᠯᠯᠠᠬᠤ ᠬᠥᠳᠡᠯᠭᠡᠭᠴᠢ ᠬᠦᠴᠦᠨ ᠮᠥᠨ᠂ ᠳᠤᠮᠳᠠᠳᠤ ᠤᠯᠤᠰ ᠤᠨ ᠥᠷᠭᠡᠨ | ᠠᠭᠤᠳᠠᠮ ᠠᠵᠠ ᠲᠣᠭᠢᠶᠠᠯ ᠪᠠ ᠦᠰᠦᠨ ᠪᠤᠶᠢᠵᠢᠬᠤ ᠣᠷᠣᠨ ᠵᠠᠢ ᠨᠢ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ ᠪᠠᠶᠢᠨ᠎ᠠ᠃ | ᠳᠤᠮᠳᠠᠳᠤ ᠤᠯᠤᠰ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠡᠷᠬᠡ ᠲᠡᠭᠰᠢ᠂ ᠰᠠᠶᠢᠨ ᠰᠠᠶᠢᠬᠠᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠵᠤ ᠥᠭᠭᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ | ᠤᠯᠤᠰ ᠯᠤᠭ᠎ᠠ ᠶᠢᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠭᠤᠶᠢᠪᠢᠰᠢ ᠦᠭᠡᠢ ᠥᠷᠭᠡᠳᠬᠡᠵᠦ᠂ ᠳᠤᠮᠳᠠᠳᠤ | ᠤᠯᠤᠰ ᠤᠨ ᠵᠠᠬ᠎ᠠ ᠳᠡᠯᠭᠡᠭᠦᠷ ᠲᠤ ᠭᠦᠨ ᠦᠨᠳᠦᠰᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠬᠥᠭᠦᠷᠭᠡ | ᠲᠠᠯᠪᠢᠵᠤ᠂ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠨᠡᠭᠡᠭᠡᠯᠲᠡ ᠶᠢ ᠲᠡᠮᠵᠢᠵᠤ᠂ ᠤᠯᠠᠨ ᠤᠯᠤᠰ ᠤᠨ ᠴᠢᠯᠦᠭᠡᠲᠦ | ᠠᠷᠠᠯᠵᠢᠶ᠎ᠠ ᠶᠢ ᠬᠠᠮᠠᠭᠠᠯᠠᠵᠤ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ | ᠢᠯᠡᠳᠬᠡᠵᠡᠭᠡᠪᠡ᠃ | |