ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠵᠤ  ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠪᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠤᠨ ᠲᠤᠬᠠᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/4
     2 ᠰᠠᠷ᠎ᠠ ᠶᠢᠨ 28 ᠤ ᠡᠳᠦᠷ᠂ ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠵᠤ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠪᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠤᠨ ᠲᠤᠬᠠᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠤᠳᠤᠷᠢᠳᠤᠯᠭ᠎ᠠ ᠯᠢ ᠳ᠋ᠦᠩ᠂ ᠭᠤᠤ ᠪᠥᠸᠧ ᠣᠷᠣᠯᠴᠠᠪᠠ᠃      ᠼᠦᠢ ᠵᠢᠩ ᠶᠢᠩ ᠬᠡᠯᠡᠭᠰᠡᠨ ᠨᠢ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠵᠢᠷᠭᠤᠭᠠᠨ ᠠᠵᠢᠯᠯᠠᠭ᠎ᠠ ᠶᠢᠨ ᠨᠢᠭᠡ ᠪᠣᠯᠤᠨ᠎ᠠ᠂ ︽ᠠᠵᠤ ᠠᠬᠤᠢ ᠶᠢ ᠲᠡᠮᠡᠴᠡᠬᠦ᠂ ᠨᠡᠮᠡᠭᠳᠡᠯ ᠢ ᠲᠣᠭᠲᠠᠪᠤᠷᠢᠵᠢᠭᠤᠯᠵᠤ᠂ ᠰᠠᠶᠢᠨ ᠬᠠᠨᠳᠤᠰᠢ ᠶᠢᠨ ᠪᠠᠶᠢᠳᠠᠯ ᠢ ᠪᠠᠲᠤᠳᠬᠠᠬᠤ︾ ᠪᠠ ︽ᠨᠢᠭᠡᠳᠦᠯᠲᠡᠢ ᠲᠥᠯᠥᠪᠵᠢᠭᠦᠯᠬᠦ ᠶᠢ ᠠᠳᠬᠤᠵᠤ᠂ ᠡᠷᠴᠢᠮᠵᠢᠭᠦᠯᠬᠦ ᠶᠢ ᠠᠬᠢᠭᠤᠯᠵᠤ᠂ ᠡᠯᠧᠮᠧᠨ᠋ᠲ ᠤᠨ ᠪᠠᠲᠤᠯᠠᠭ᠎ᠠ ᠪᠠᠨ ᠪᠣᠳᠠᠲᠠᠶᠢᠵᠢᠭᠤᠯᠬᠤ︾ ᠪᠣᠯ ᠬᠤᠳᠠ ᠶᠢᠨ ᠨᠠᠮ ᠤᠨ ᠬᠤᠷᠢᠶ᠎ᠠ ᠠᠴᠠ ᠲᠣᠭᠲᠠᠭᠠᠭᠰᠠᠨ ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ᠎ᠠ᠃ ᠡᠯ᠎ᠡ ᠲᠣᠭᠤᠷᠢᠭ᠂ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠪᠠᠷᠢᠯᠭ᠎ᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠡᠯ᠎ᠡ ᠵᠠᠩᠭᠢᠯᠠᠭ᠎ᠠ ᠶᠢᠨ ᠴᠢᠭ ᠢ ᠰᠠᠶᠢᠲᠤᠷ ᠡᠵᠡᠮᠳᠡᠵᠦ᠂ ᠪᠠᠶᠢᠩᠭᠤᠵᠢᠭᠤᠯᠤᠨ ᠲᠣᠬᠢᠷᠠᠭᠤᠯᠬᠤ᠂ ᠨᠠᠷᠢᠨ ᠲᠠᠩᠰᠠᠵᠢᠭᠤᠯᠤᠨ ᠨᠠᠶᠢᠳᠠᠪᠤᠷᠢᠵᠢᠭᠤᠯᠬᠤ᠂ ᠪᠣᠰᠤᠭ᠎ᠠ ᠴᠣᠭᠴᠠᠵᠢᠭᠤᠯᠤᠨ ᠬᠢᠨᠠᠨ ᠵᠢᠯᠣᠭᠤᠳᠬᠤ ᠶᠢ ᠪᠡᠶᠡᠯᠡᠭᠦᠯᠵᠦ᠂ 233 ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠨ ᠠᠵᠢᠯ ᠡᠬᠢᠯᠡᠬᠦᠯᠬᠦ᠂ ᠲᠦᠷᠭᠡᠨ ᠠᠵᠢᠯ ᠲᠠᠭᠤᠰᠬᠠᠬᠤ᠂ ᠲᠦᠷᠭᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃ ︽ᠡᠯᠧᠮᠧᠨ᠋ᠲ  ᠨᠢ ᠲᠦᠷᠦᠯ ᠵᠦᠢᠯ ᠢ ᠳᠠᠭᠠᠬᠤ︾ ᠶᠢ ᠪᠠᠷᠢᠮᠲᠠᠯᠠᠵᠤ᠂ ᠡᠯᠧᠮᠧᠨ᠋ᠲ ᠤᠨ ᠪᠠᠲᠤᠯᠠᠭ᠎ᠠ ᠪᠠᠨ ᠨᠢᠭᠡᠳᠦᠯᠲᠡᠢ ᠲᠥᠯᠥᠪᠵᠢᠭᠦᠯᠬᠦ ᠵᠢᠴᠢ ᠨᠠᠷᠢᠯᠢᠬᠵᠢᠭᠤᠯᠤᠨ ᠬᠠᠮᠢᠶᠠᠷᠬᠤ ᠪᠠᠨ ᠴᠢᠩᠭᠠᠳᠬᠠᠵᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠪᠠᠷ ᠭᠠᠵᠠᠷ ᠰᠢᠷᠣᠢ᠂ ᠤᠰᠤᠨ ᠤ ᠭᠦᠢᠴᠡᠳᠬᠡᠯ ᠲᠤᠭ᠎ᠠ᠂ ᠪᠡᠯᠡ ᠮᠥᠩᠭᠦ ᠴᠤᠭᠯᠠᠭᠤᠯᠬᠤ ᠵᠡᠷᠭᠡ ᠬᠦᠴᠢᠷᠳᠡᠯ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号